ᠮᠠᠨ ᠤ ᠲᠣᠭᠤᠷᠢᠭ ᠤᠨ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ ᠵᠦᠢᠯ ᠤᠨ | ᠦᠰᠦᠭ ᠪᠢᠴᠢᠭ ᠢ ᠵᠡᠷᠭᠡ ᠪᠠᠷ ᠬᠡᠷᠡᠭᠯᠡᠬᠦ ︽ᠵᠢᠷᠤᠮᠵᠢᠯ ᠤᠨ ᠤᠨ︾ ᠤ ᠠᠵᠢᠯᠯᠠᠭ᠎ᠠ ᠶᠢ ᠤᠯᠠᠮ ᠨᠢᠭᠡ ᠠᠯᠬᠤᠮ | ᠠᠬᠢᠭᠤᠯᠬᠤ ᠶᠢᠨ ᠲᠥᠯᠥᠭᠡ᠂ 12 ᠰᠠᠷ᠎ᠠ ᠶᠢᠨ 11 ᠤ ᠡᠳᠦᠷ᠂ ᠰᠢᠭᠤᠶᠢᠲᠤ ᠲᠣᠭᠤᠷᠢᠭ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠠᠴᠠ ᠰᠢᠭᠤᠶᠢᠲᠤ ᠰᠢᠨ᠎ᠡ ᠲᠣᠭᠤᠷᠢᠭ ᠤᠨ ᠬᠤᠳᠠᠯᠳᠤᠭᠠᠨ ᠤ ᠫᠠᠶᠢᠰᠠ ᠢᠯᠡᠷᠬᠡᠶᠢᠯᠡᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠥᠷᠨᠢᠭᠦᠯᠪᠡ᠃ | | ᠪᠠᠶᠢᠴᠠᠭᠠᠯᠲᠠ ᠶᠢᠨ ᠳᠤᠮᠳᠠ᠂ ᠫᠠᠶᠢᠰᠠ ᠢᠯᠡᠷᠬᠡᠶᠢᠯᠡᠯ ᠤᠨ ᠮᠣᠩᠭᠤᠯ ᠥᠰᠥᠭ ᠤᠨ ᠪᠤᠷᠤᠭᠤ ᠥᠰᠥᠭ᠂ | ᠪᠤᠷᠤᠭᠤ ᠣᠷᠴᠢᠭᠤᠯᠤᠭᠰᠠᠨ᠂ ᠶᠡᠭᠡ ᠪᠠᠭ᠎ᠠ ᠬᠠᠷᠢᠴᠡᠯ ᠨᠢ ᠲᠡᠩᠴᠡᠭᠦᠷᠢ ᠪᠠᠨ ᠠᠯᠳᠠᠭᠰᠠᠨ ᠵᠡᠷᠭᠡ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ | ᠣᠨᠴᠠ ᠵᠠᠷᠢᠮ ᠳᠡᠯᠭᠡᠭᠦᠷ ᠤᠨ ᠡᠯᠰᠡᠯᠲᠡ ᠳᠤ ᠮᠣᠩᠭᠤᠯ ᠬᠡᠯᠡᠨ ᠤ ᠭᠡᠭᠡᠭᠳᠡᠯ ᠪᠠ ᠵᠢᠭᠰᠠᠭᠠᠬᠤ ᠠᠰᠠᠭᠤᠳᠠᠯ ᠣᠷᠣᠰᠢᠵᠤ | ᠪᠠᠶᠢᠭ᠎ᠠ ᠬᠤᠳᠠᠯᠳᠤᠭᠠᠴᠢᠳ ᠲᠤ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠪᠠ᠃ | | ᠬᠤᠶᠢᠰᠢᠳᠠ᠂ ᠰᠢᠭᠤᠶᠢᠲᠤ ᠲᠣᠭᠤᠷᠢᠭ ᠤᠨ ᠬᠢᠨ ᠮᠣᠩᠭᠤᠯ ᠬᠢᠲᠠᠳ ᠬᠤᠶᠠᠷ ᠵᠦᠢᠯ ᠤᠨ ᠦᠰᠦᠭ | ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠴᠥᠭᠡᠨ | ᠲᠣᠭᠠᠲᠤ ᠦᠨᠳᠦᠰᠦᠲᠡᠨ ᠤ ᠭᠠᠵᠠᠷ ᠣᠷᠣᠨ ᠤ ᠰᠣᠶᠣᠯ ᠤᠨ ᠣᠨᠴᠠᠯᠢᠭ ᠢ ᠭᠦᠨᠵᠡᠭᠡᠶ ᠢᠯᠡᠷᠡᠭᠦᠯᠵᠦ᠂ | ᠦᠨᠳᠦᠰᠦᠲᠡ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ | ᠂ ᠨᠡᠶᠢᠭᠡᠮ ᠤᠨ ᠬᠥᠭᠵᠢᠯᠲᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠳᠤᠮᠳᠠᠬᠢ ᠮᠣᠩᠭᠤᠯ ᠬᠡᠯᠡ ᠪᠢᠴᠢᠭ ᠤᠨ ᠬᠡᠷᠡᠭᠯᠡᠯᠲᠡ ᠶᠢᠨ ᠢᠳᠡᠪᠬᠢ ᠦᠢᠯᠡᠳᠦᠯ ᠢ ᠨᠠᠩ | ᠰᠠᠶᠢᠲᠤᠷ ᠪᠠᠳᠠᠷᠠᠭᠤᠯᠤᠨ᠎ᠠ᠃ | |