ᠰᠢᠭᠤᠶᠢᠲᠤ  ᠲᠤᠭᠤᠷᠢᠭ ᠤᠨ ᠵᠠᠰᠠᠭ ᠤᠨ ᠣᠷᠳᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/16
               ᠰᠢᠭᠤᠶᠢᠲᠣ ᠠᠯᠪᠠᠨ ᠲᠠᠷᠬᠠᠭᠠᠭᠰᠠᠨ ︵2020︶ 39 ᠳ᠋ᠤᠭᠠᠷ ᠲᠣᠭᠠᠲᠤ        ᠵᠢᠪᠬᠤᠯᠠᠩᠲᠦ ᠰᠤᠮᠤ᠂ ᠪᠠᠳᠺᠡᠷ ᠵᠤᠤ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠤᠭᠤᠷᠢᠭ ᠳᠤ ᠰᠠᠭᠤᠭ᠎ᠠ ᠡᠯ ᠎ᠡ ᠰᠠᠯᠠᠭ᠎ᠠ ᠮᠥᠴᠢᠷ᠂ ᠨᠢᠭᠡᠴᠡ ᠳᠤ᠄        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠢᠭᠡᠳᠦᠯᠲᠡᠶ  ᠰᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠳᠡᠭᠵᠢᠭᠦᠯᠬᠦ ᠲᠤᠬᠠᠶ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠬᠤ ᠶᠢᠨ ᠲᠥᠯᠥᠭᠡ᠂ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠲᠥᠷᠥ  ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠨ᠎ᠡ᠃ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠬᠠᠩᠭᠠᠬᠤ ᠪᠠᠷ ᠴᠢᠷᠮᠠᠶᠢᠵᠤ᠂ ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠭᠤᠯᠤᠨ ᠪᠠᠲᠤᠯᠠᠭᠤᠯᠵᠤ ᠂ 252   ᠵᠤᠶᠢᠯ ᠤᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠬᠦᠴᠦᠨ ᠥᠬᠡᠶ ᠪᠤᠯᠭᠠᠵᠤ᠂ 5964 ᠵᠤᠶᠢᠯ ᠤᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠲᠤ ᠲᠤᠬᠢᠷᠠᠭᠤᠯᠤᠯᠲᠠ ᠬᠢᠵᠦ ᠦᠯᠡᠳᠡᠭᠡᠬᠦ ᠪᠠᠷ ᠲᠣᠭᠲᠠᠪᠠ᠃ ᠣᠳᠣ ︽ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠲᠤᠰ ᠱᠠᠲᠤᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢᠨ ᠭᠠᠷᠴᠠᠭ ︵2020 ᠤᠨ ᠤ ᠬᠡᠪᠯᠡᠯ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠭᠠᠷᠠᠶ᠃        ᠨᠢᠭᠡ ᠳᠤ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠬᠦᠴᠦᠨ ᠦᠭᠡᠢ ᠪᠣᠯᠭᠠᠵᠤ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠤᠶᠢᠯᠡᠰ ᠢ ᠰᠢᠯᠵᠢᠭᠦᠯᠦᠨ ᠲᠤᠰᠢᠶᠠᠬᠤ ᠪᠠ ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠲᠠᠯᠪᠢᠵᠤ ᠳᠡᠶᠢᠯᠡᠬᠦ᠂ ᠲᠤᠰᠴᠤ ᠳᠡᠶᠢᠯᠡᠬᠦ᠂ ᠰᠠᠶᠢᠲᠤᠷ ᠬᠠᠮᠢᠶᠠᠷᠴᠤ ᠳᠡᠶᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠠᠵᠢᠯ ᠢ ᠪᠡᠶ᠎ᠡ ᠪᠠᠷ ᠢᠶᠠᠨ ᠰᠠᠶᠢᠲᠤᠷ ᠠᠳᠬᠤᠵᠤ᠂ ᠳᠣᠷᠣᠭᠰᠢ ᠪᠠᠭᠤᠯᠭᠠᠬᠤ ᠵᠤᠶᠢᠯᠡᠰ ᠢ ᠬᠦᠴᠦᠨ ᠥᠬᠡᠶ ᠪᠣᠯᠭᠠᠬᠤ ᠳᠤ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠪᠠ ᠬᠡᠷᠡᠭ ᠶᠠᠪᠤᠳᠠᠯ ᠤᠨ ᠳᠤᠮᠳᠠ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠴᠡᠪᠡᠷ ᠬᠤᠭᠤᠰᠣᠨ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ᠂ ᠬᠦᠯᠢᠶᠡᠨ ᠠᠪᠬᠤ ᠠᠵᠢᠯ ᠢ ᠦᠨᠡᠨᠬᠦ ᠰᠠᠶᠢᠲᠤᠷ ᠬᠢᠵᠦ᠂ ᠴᠢᠩᠭᠠᠳᠬᠠᠬᠤ ᠬᠡᠷᠡᠭᠲᠡᠶ᠃  ᠳᠡᠭᠡᠲᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠪᠲᠡᠷᠡᠯᠴᠡᠭᠡ ᠵᠣᠯᠭᠠᠯᠴᠠᠭ᠎ᠠ᠃        ᠬᠤᠶᠠᠷ ᠲᠤ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠣᠭᠤᠷᠢᠭ ᠤᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠪᠠᠷ ᠭᠠᠷᠳᠠᠴᠠ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠦᠯᠡᠳᠡᠭᠡᠭᠰᠡᠨ ᠵᠠᠰᠠᠭ ᠵᠠᠬᠢᠷᠭᠠᠨ ᠤ ᠡᠷᠬᠡ ᠶᠢᠨ ᠵᠦᠶ᠋ᠯᠡᠰ ᠢ ᠴᠠᠭ ᠲᠤᠬᠠᠶ ᠳᠤᠨᠢ  ᠭᠡᠵᠦ᠂ ᠫᠤᠷᠲ᠋ᠤᠯ ᠰᠦᠯᠵᠢᠶᠡᠨ ᠳᠡᠭᠡᠷ᠎ᠡ  ᠨᠡᠶᠢᠲᠡᠯᠡᠨ᠎ᠡ᠃ ᠡᠭᠦᠨ ᠤ ᠬᠠᠮᠲᠤ᠂ ᠤᠯᠠᠮ ᠨᠢᠭᠡ ᠠᠯᠬᠤᠮ ᠮᠠᠲ᠋ᠧᠷᠢᠶᠠᠯ ᠢ ᠴᠣᠮᠬᠠᠳᠬᠠᠨ᠂ ᠳᠡᠰ ᠳᠠᠷᠠᠭᠠᠯᠠᠯ ᠢ ᠳᠥᠭᠦᠮᠴᠢᠯᠡᠵᠦ᠂ ᠴᠤᠪᠤᠷᠠᠯ ᠢ ᠰᠢᠯᠢᠳᠡᠭᠵᠢᠭᠦᠯᠦᠨ᠂ ᠴᠠᠭ ᠤᠨ ᠬᠢᠵᠠᠭᠠᠷ ᠢ ᠪᠠᠭᠠᠰᠬᠠᠬᠤ ᠬᠡᠷᠡᠭᠲᠡᠶ᠃ ᠡᠭᠦᠨ ᠤ ᠬᠠᠮᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠶᠡᠬᠡᠪᠡᠷ ᠠᠬᠢᠭᠤᠯᠵᠤ᠂ ᠪᠦᠬᠦ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠨ ᠬᠡᠷᠡᠭ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠨᠢᠭᠡ ᠶᠢ ᠡᠷᠬᠢᠯᠡᠨ ᠭᠦᠢᠴᠡᠳᠬᠡᠬᠦ ᠶᠢ ᠴᠢᠩᠭᠠᠳᠬᠠᠬᠤ᠂ ᠳᠠᠭᠤᠰᠬᠠᠬᠤ ᠵᠡᠷᠭᠡ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠪᠠ ᠠᠵᠤ ᠠᠬᠤᠶᠢᠯᠠᠯ ᠳᠤ ᠲᠦᠬᠦᠮ ᠦᠵᠡᠭᠦᠯᠦᠨ᠎ᠡ︔ ᠣᠯᠠᠨ ᠲᠦᠮᠡᠨ ᠠᠵᠢᠯ ᠬᠢᠨ᠎ᠡ᠃        ᠭᠤᠷᠪᠠ ᠳᠤ᠂ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ︽ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ︾ ᠪᠠ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠳᠤ ᠨᠢ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠲᠢᠭᠯᠡᠬᠦ ᠲᠠᠪᠴᠠᠩ ᠤᠨ ᠲᠤᠭ᠎ᠠ ᠪᠠᠷᠢᠮᠲᠠ ᠪᠠ ᠲᠣᠭᠤᠷᠢᠭ ᠤᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠᠷ ᠯᠠᠪᠯᠠᠯᠲᠠ ᠪᠣᠯᠭᠠᠵᠤ᠂ ᠬᠥᠳᠡᠯᠦᠩᠭᠦᠶ ᠪᠠᠷ ᠲᠣᠬᠢᠷᠠᠭᠤᠯᠬᠤ ᠵᠠᠷᠴᠢᠮ ᠪᠠ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠬᠢᠷᠠᠭᠤᠯᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠤᠶᠢᠯᠡᠰ ᠢ ᠪᠠᠷᠢᠮᠵᠢᠶᠠᠵᠢᠭᠤᠯᠬᠤ ᠠᠵᠢᠯ ᠢ ᠱᠠᠯᠠᠪᠳᠠᠨ ᠥᠷᠨᠢᠭᠦᠯᠦᠨ᠎ᠡ᠃        ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶              ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2020 ᠣᠨ ᠤ 12 ᠰᠠᠷ᠎ᠠ ᠶᠢᠨ 8 ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号