ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠬᠤ ᠠᠯᠪᠠᠨ ᠭᠡᠷ ︽ | ᠪᠤᠭᠤᠲᠤ ᠬᠤᠲᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠬᠤ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠷᠭ᠎ᠠ︾ ︵ᠳᠣᠷᠣᠭᠰᠢ ︽ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠬᠢᠨᠠᠨ ᠰᠢᠯᠭᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠂ ᠡᠨᠡ ᠪᠣᠯ | ᠮᠠᠨ ᠤ ᠬᠤᠲᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭ ᠤᠯᠵᠠᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠬᠤ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ ᠬᠢᠨᠠᠨ | ᠰᠢᠯᠭᠠᠬᠤ ᠠᠷᠭ᠎ᠠ ᠶᠢ ᠨᠠᠩ ᠭᠦᠨᠵᠡᠭᠡᠶ ᠪᠥᠭᠡᠳ ᠪᠦᠬᠦ ᠲᠠᠯ᠎ᠠ ᠪᠠᠷ ᠣᠶᠢᠯᠠᠭᠠᠬᠤ ᠶᠢᠨ ᠲᠥᠯᠥᠭᠡ᠂ ᠰᠤᠷᠪᠤᠯᠵᠢᠯᠠᠭᠴᠢ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠬᠤ ᠠᠯᠪᠠᠨ ᠬᠡᠷ ᠤᠨ ᠬᠤᠯᠪᠤᠭᠳᠠᠯ ᠪᠥᠬᠦᠶ | ᠬᠠᠷᠢᠭᠤᠴᠠᠯᠭᠠᠲᠠᠨ ᠨᠥᠬᠦᠳ ᠢ ᠰᠤᠷᠪᠤᠯᠵᠢᠯᠠᠵᠤ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠢᠨᠠᠨ | ᠰᠢᠯᠭᠠᠬᠤ ᠠᠷᠭ᠎ᠠ︾ ᠳᠤ ᠲᠠᠶᠢᠯᠤᠮᠵᠢ ᠬᠢᠵᠦ ᠲᠠᠶᠢᠯᠪᠤᠷᠢᠯᠠᠯᠲᠠ ᠬᠢᠪᠠ᠃ | ᠨᠢᠭᠡ᠂ ᠠᠰᠠᠭᠤᠯᠲᠠ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠬᠤ ᠠᠷᠭ᠎ᠠ︾ | ᠶᠢ ᠲᠤᠭᠲᠠᠭᠠᠬᠤ ᠦᠨᠳᠦᠰᠦᠯᠡᠯ ᠪᠠ ᠭᠤᠤᠯ ᠠᠭᠤᠯᠭ᠎ᠠ ᠨᠢ ᠶᠠᠭᠤ ᠪᠣᠶ︖ | ᠬᠠᠷᠢᠭᠤᠯᠲᠠ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠯᠭᠠᠨ ᠬᠢᠨᠠᠬᠤ ᠠᠷᠭ᠎ᠠ︾ ᠶᠢ | ᠭᠤᠤᠯᠳᠠᠭᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ︽ᠪᠤᠭᠤᠲᠤ | ᠬᠤᠲᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ | ︾ ᠢ ᠦᠨᠳᠦᠰᠦᠯᠡᠨ ᠲᠣᠭᠲᠠᠭᠠᠪᠠ᠃ ᠬᠢᠨᠠᠨ ᠰᠢᠯᠭᠠᠬᠤ ᠠᠭᠤᠯᠠᠨ᠎ᠠ ᠪᠠ ᠠᠷᠭ᠎ᠠ ᠮᠠᠶ᠋ᠢᠭ ᠢ ᠲᠣᠳᠣᠷᠬᠠᠶᠢᠯᠠᠵᠤ᠂ | ᠪᠣᠳᠠᠲᠠᠶ ᠭᠦᠢᠴᠡᠳᠭᠡᠬᠦ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠡᠮᠵᠢᠶᠡᠯᠡᠵᠦ᠂ ᠬᠢᠨᠠᠨ ᠰᠢᠯᠭᠠᠬᠤ ︽ᠳᠣᠬᠢᠭᠤᠷ | ︾ ᠤᠨ ᠦᠢᠯᠡᠳᠦᠯ ᠢ ᠨᠠᠩ ᠰᠠᠶᠢᠨ ᠪᠠᠳᠠᠷᠠᠭᠤᠯᠬᠤ ᠪᠠᠷ ᠴᠢᠷᠮᠠᠶᠢᠵᠤ᠂ ᠬᠢᠨᠠᠨ ᠵᠥᠪᠰᠢᠶᠡᠷᠡᠬᠦ ᠵᠤᠶᠢᠯᠡᠰ ᠬᠠᠮᠤᠭ ᠤᠨ | ᠴᠥᠭᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠪᠠ ᠦᠢᠯᠡᠴᠢᠯᠡᠬᠦ | ᠬᠤᠷᠳᠤᠴᠠ ᠬᠠᠮᠤᠭ ᠤᠨ ᠲᠦᠷᠭᠡᠨ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ | ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠬᠤ ᠠᠷᠭ᠎ᠠ︾ ᠨᠢ ᠨᠡᠶᠢᠲᠡ 4 ᠪᠦᠯᠦᠭ 16 | ᠵᠤᠷᠪᠤᠰ ᠪᠣᠶ᠃ ᠨᠢᠭᠡᠳᠦᠭᠡᠷ ᠪᠦᠯᠦᠭ ︽ᠶᠡᠷᠦᠩᠬᠡᠶ ᠳᠦᠷᠢᠮ︾ ᠳᠤ ᠬᠢᠨᠠᠨ ᠰᠢᠯᠭᠠᠬᠤ ᠬᠠᠷᠠᠯᠲᠠ ᠵᠢᠴᠢ ᠦᠨᠳᠦᠰᠦ | ᠪᠠᠷᠢᠮᠲᠠ᠂ ᠬᠡᠷᠡᠭᠯᠡᠬᠦ ᠬᠡᠪᠴᠢᠶ᠎ᠡ᠂ ᠶᠡᠷᠦᠩᠬᠡᠶ ᠱᠠᠭᠠᠷᠳᠠᠯᠭ᠎ᠠ᠂ ᠬᠡᠷᠡᠭᠵᠢᠭᠦᠯᠬᠦ ᠨᠢᠭᠡᠴᠢ ᠵᠡᠷᠭᠡ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠪᠠ ᠭᠤᠷᠪᠠᠳᠤᠭᠠᠷ ᠪᠦᠯᠦᠭ ᠬᠢᠨᠠᠨ ᠰᠢᠯᠭᠠᠬᠤ ᠠᠭᠤᠯᠭ᠎ᠠ᠂ ᠠᠷᠭ᠎ᠠ ᠮᠠᠶ᠋ᠢᠭ᠂ ᠦᠷ᠎ᠡ ᠳ᠋ᠦᠩ ᠢ | ᠲᠣᠭᠲᠠᠭᠠᠬᠤ ᠵᠢᠴᠢ ᠬᠡᠷᠡᠭᠯᠡᠬᠦ ᠵᠡᠷᠭᠡ ᠶᠢᠨ ᠲᠤᠬᠠᠶ ᠲᠤᠰ ᠲᠤᠰ ᠲᠣᠭᠲᠠᠭᠠᠯ ᠭᠠᠷᠭᠠᠪᠠ᠃ | ᠬᠤᠶᠠᠷ᠂ ᠠᠰᠠᠭᠤᠯᠲᠠ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠬᠤ ᠠᠷᠭ᠎ᠠ︾ | ᠳᠤ ᠶᠠᠮᠠᠷ ᠠᠵᠢᠯ ᠳᠤ ᠴᠢᠭᠯᠡᠭᠦᠯᠦᠨ ᠬᠢᠨᠠᠨ ᠰᠢᠯᠭᠠᠯᠲᠠ ᠬᠢᠬᠦ ᠪᠣᠶ︖ | ᠬᠠᠷᠢᠭᠤᠯᠲᠠ᠄ ᠰᠢᠯᠭᠠᠨ ᠬᠢᠨᠠᠬᠤ ᠠᠭᠤᠯᠭ᠎ᠠ ᠳᠤ ᠭᠤᠤᠯᠳᠠᠭᠤ᠄ ᠲᠥᠪ᠂ ᠥᠪᠡᠷᠲᠡᠭᠡᠨ ᠵᠠᠰᠠᠬᠤ ᠣᠷᠣᠨ | ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠳᠡᠭᠵᠢᠭᠦᠯᠵᠦ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠢᠳᠠᠯ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠬᠦ ᠭᠦᠢᠴᠡᠳᠭᠡᠯ | ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠬᠡᠷᠡᠭᠵᠢᠭᠦᠯᠦᠭᠰᠡᠨ ᠪᠠᠶᠢᠳᠠᠯ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ | ᠰᠢᠢᠳᠪᠦᠷᠢᠯᠡᠭᠰᠡᠨ ᠪᠠᠶᠢᠳᠠᠯ ᠵᠡᠷᠭᠡ᠃ | ᠠᠵᠤ ᠠᠬᠤᠶᠢᠯᠠᠯ ᠡᠷᠬᠢᠯᠡᠬᠦ᠂ ᠪᠠᠷᠢᠯᠭ᠎ᠠ ᠡᠷᠬᠢᠯᠡᠬᠦ ᠵᠥᠪᠰᠢᠶᠡᠷᠡᠯ ᠣᠯᠭᠤᠬᠤ᠂ ᠴᠠᠬᠢᠯᠭᠠᠨ ᠬᠦᠴᠦᠨ | ᠬᠦᠷᠲᠡᠬᠦ᠂ ᠤᠰᠤ ᠬᠡᠷᠡᠭᠯᠡᠬᠦ ᠬᠡᠢ ᠬᠡᠷᠡᠭᠯᠡᠬᠦ᠂ ᠳᠠᠩᠰᠠᠯᠠᠭᠤᠯᠬᠤ ᠡᠳ᠋ ᠬᠥᠷᠥᠩᠭᠡ᠂ ᠭᠠᠶᠢᠯᠢ ᠲᠤᠰᠢᠶᠠᠬᠤ᠂ ᠬᠢᠯᠢ | ᠠᠯᠤᠰᠠᠯᠠᠭᠰᠠᠨ ᠠᠷᠠᠯᠵᠢᠶ᠎ᠠ ᠬᠢᠬᠦ᠂ ᠢᠲᠡᠭᠡᠮᠵᠢᠲᠦ ᠵᠢᠭᠡᠯᠡᠯᠭᠡ ᠣᠯᠬᠤ᠂ ᠳᠤᠮᠳᠠ ᠵᠢᠵᠢᠭ ᠪᠡᠯᠡ ᠣᠷᠣᠭᠤᠯᠤᠭᠴᠢ ᠶᠢᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ | ᠠᠪᠬᠤ᠂ ᠳᠠᠮᠫᠤᠷᠠᠬᠤ ᠶᠢ ᠭᠦᠢᠴᠡᠭᠡᠬᠦ᠂ ᠭᠡᠷ᠎ᠡ ᠭᠦᠢᠴᠡᠳᠭᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠬᠠᠮᠠᠭᠠᠯᠠᠯᠲᠠ ᠬᠡᠷᠡᠭᠯᠡᠯᠲᠡ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ | ᠬᠡᠮᠵᠢᠶ᠎ᠡ ᠶᠢ ᠨᠡᠮᠡᠭᠳᠡᠭᠦᠯᠬᠦ ᠵᠡᠷᠭᠡ 18 ᠲᠠᠯ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠤᠤᠯᠳᠠᠯᠭ᠎ᠠ ᠲᠠᠢ ᠬᠢᠨᠠᠨ ᠰᠢᠯᠭᠠᠨ᠎ᠠ᠃ | ᠬᠢᠨᠠᠨ ᠰᠢᠯᠭᠠᠯᠲᠠ ᠶᠢᠨ ᠬᠡᠮᠵᠢᠶᠡᠯᠡᠬᠦᠭᠦ᠋ᠢᠴᠡᠳᠭᠡᠬᠦ ᠲᠤᠭ᠎ᠠ ᠶᠢ ᠳᠡᠯᠡᠬᠡᠶ ᠶᠢᠨ ᠲᠡᠷᠢᠭᠦᠨ ᠤ᠂ ᠤᠯᠤᠰ ᠤᠨ | ᠳᠣᠲᠣᠭᠠᠳᠤ ᠶᠢᠨ ᠲᠡᠷᠢᠭᠦᠨ ᠵᠡᠷᠭᠡ ᠶᠢᠨ ᠪᠠᠷᠢᠮᠵᠢᠶ᠎ᠠ ᠪᠠᠷ ᠪᠠᠷᠢᠮᠵᠢᠶᠠᠯᠠᠵᠤ᠂ ᠳᠡᠭᠡᠰᠦ ᠱᠠᠲᠤᠨ ᠤ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠲᠤᠬᠢᠷᠠᠭᠤᠯᠤᠨ ᠰᠢᠯᠢᠳᠡᠭᠵᠢᠭᠦᠯᠦᠨ᠎ᠡ᠃ | ᠭᠤᠷᠪᠠ᠂ ᠠᠰᠠᠭᠤᠯᠲᠠ᠄ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠳᠤ ᠭᠤᠤᠯᠳᠠᠭᠤ ᠶᠠᠮᠠᠷ ᠶᠠᠮᠠᠷ ᠠᠷᠭ᠎ᠠ ᠬᠡᠯᠪᠡᠷᠢ ᠪᠠ ᠠᠷᠭ᠎ᠠ ᠶᠢ ᠠᠪᠬᠤ ᠪᠣᠶ︖ | ᠬᠠᠷᠢᠭᠤᠯᠲᠠ᠄ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠳᠤ ᠭᠤᠤᠯᠳᠠᠭᠤ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠦᠨᠡᠯᠡᠬᠦ᠂ ᠦᠢᠯᠡᠴᠢᠯᠡᠬᠦ ᠡᠲᠡᠭᠡᠳ ᠤᠨ ᠦᠨᠡᠯᠡᠯᠲᠡ᠂ ᠶᠡᠭᠡ ᠲᠢᠩᠬᠢᠮ ᠵᠢᠴᠢ ᠠᠵᠢᠯᠲᠠᠨ ᠤ | ᠬᠠᠮᠢᠶᠠᠷᠤᠯᠲᠠ ᠶᠢ ᠰᠢᠯᠭᠠᠨ ᠦᠨᠡᠯᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠪᠠᠷ ᠭᠤᠤᠯᠤᠯᠠᠭᠠ ᠪᠣᠯᠭᠠᠭᠰᠠᠨ᠂ ᠦᠢᠯᠡᠴᠢᠯᠡᠬᠦ ᠡᠲᠡᠭᠡᠳ ᠢ ᠦᠨᠡᠯᠡᠬᠦ ᠪᠠ ᠶᠡᠭᠡ | ᠲᠢᠩᠬᠢᠮ ᠵᠢᠴᠢ ᠠᠵᠢᠯᠲᠠᠨ ᠤ ᠬᠠᠮᠢᠶᠠᠷᠤᠯᠲᠠ ᠶᠢᠨ ᠰᠢᠯᠭᠠᠨ ᠦᠨᠡᠯᠡᠬᠦ ᠪᠠᠷ ᠲᠤᠯᠭᠠᠭᠤᠷᠢ ᠪᠣᠯᠭᠠᠭᠰᠠᠨ ᠰᠢᠯᠭᠠᠨ | ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠪᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠤ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠭᠤᠣᠯᠯᠠᠭᠴᠢ ᠬᠦᠴᠦᠨ ᠢ ᠲᠡᠳᠡᠨ ᠠᠪᠴᠢᠷᠠᠵᠤ | ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠤᠯᠠᠷᠢᠯ ᠪᠦᠷᠢ ᠮᠠᠨ ᠤ ᠬᠤᠲᠠ ᠶᠢᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠤᠯᠭᠠᠬᠤ ᠠᠷᠭ᠎ᠠ ᠬᠡᠮᠵᠢᠶ᠎ᠡ ᠨᠦᠭᠦᠳ ᠢ ᠨᠠᠢᠳᠠᠪᠤᠷᠢᠵᠢᠭᠤᠯᠬᠤ | ᠪᠠᠶ᠋ᠭ᠎ᠠ ᠪᠠᠢᠳᠠᠯ ᠢ ᠲᠥᠷᠦᠯ ᠳᠠᠷᠠᠭᠠᠯᠠᠨ ᠪᠠᠶᠢᠴᠠᠭᠠᠨ ᠦᠨᠡᠯᠡᠵᠦ᠂ ᠵᠢᠯ ᠤᠨ ᠡᠴᠦᠰ ᠲᠤ ᠶᠡᠷᠦᠩᠬᠡᠢᠯᠡᠨ ᠰᠢᠯᠭᠠᠨ | ᠦᠨᠡᠯᠡᠬᠦ ᠶᠢ ᠵᠣᠬᠢᠶᠠᠨ ᠪᠠᠶᠢᠭᠤᠯᠤᠨ᠎ᠠ᠃ | ᠦᠢᠯᠡᠴᠢᠯᠡᠬᠦ ᠡᠲᠡᠭᠡᠳ ᠤᠨ ᠦᠨᠡᠯᠡᠯᠲᠡ ᠳᠤ ᠭᠤᠤᠯᠳᠠᠭᠤ ᠨᠠᠵᠠᠭᠠᠶ ᠲᠠᠯ᠎ᠠ ᠶᠢᠨ ᠵᠤᠶᠢᠯᠡᠰ ᠢ ᠰᠢᠭᠰᠢᠨ | ᠪᠠᠶᠢᠴᠠᠭᠠᠬᠤ᠂ ᠨᠡᠶᠢᠭᠡᠮ ᠤᠨ ᠦᠨᠡᠯᠡᠯᠲᠡ ᠪᠠ ︽ᠰᠠᠶᠢᠨ ᠮᠠᠭᠤ ᠦᠨᠡᠯᠡᠯᠲᠡ︾ ᠶᠢᠨ ᠦᠨᠡᠯᠡᠯᠲᠡ ᠪᠠᠭᠲᠠᠨ᠎ᠠ᠃ | ᠨᠠᠵᠠᠭᠠᠶ ᠲᠠᠯ᠎ᠠ ᠶᠢᠨ ᠵᠤᠶᠢᠯᠡᠰ ᠢ ᠰᠢᠭᠰᠢᠨ ᠪᠠᠶᠢᠴᠠᠭᠠᠬᠤ ᠨᠢ ᠭᠤᠤᠯᠳᠠᠭᠤ ᠵᠠᠭᠠᠯᠳᠤᠬᠤ᠂ ᠵᠠᠬᠢᠳᠠᠯ ᠰᠤᠷᠪᠤᠯᠵᠢᠯᠠᠯ᠂ | ᠰᠦᠯᠵᠢᠶ᠎ᠡ ᠪᠠᠷ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠶᠠᠪᠤᠳᠠᠯ ᠪᠣᠯᠤᠨ᠎ᠠ᠃ ᠦᠨᠡᠯᠡᠯᠲᠡ ᠨᠢ | ᠭᠤᠤᠯᠳᠠᠭᠤ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ︽ᠬᠤᠲᠠ ᠶᠢᠨ ᠠᠷᠠᠳ ᠲᠤ ᠮᠡᠳᠡᠭᠦᠯᠬᠦ᠂ | ᠬᠤᠲᠠ ᠶᠢᠨ ᠠᠷᠠᠳ ᠤᠨ ᠰᠠᠨᠠᠯ ᠢ ᠰᠣᠨᠣᠰᠬᠤ᠂ ᠬᠤᠲᠠ ᠶᠢᠨ ᠠᠷᠠᠳ ᠲᠤ ᠦᠨᠡᠯᠡᠨ ᠶᠠᠷᠢᠯᠴᠠᠭᠤᠯᠬᠤ︾ | ᠠᠵᠢᠯᠯᠠᠭ᠎ᠠ ᠶᠢᠨ ᠳᠤᠮᠳᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠨᠡᠯᠡᠯᠲᠡ ᠶᠢᠨ | ᠦᠷ᠎ᠡ ᠳ᠋ᠦᠩ ᠢ ᠶᠡᠷᠦᠩᠬᠡᠶᠢᠯᠡᠨ ᠬᠡᠷᠡᠭᠯᠡᠨ᠎ᠡ᠃ ᠵᠢᠴᠢ ᠨᠢᠭᠲᠠ ᠬᠠᠷᠢᠯᠴᠠᠵᠤ᠂ ᠪᠠᠶᠢᠳᠠᠯ ᠢ ᠣᠶᠢᠯᠠᠭᠠᠬᠤ ᠠᠵᠤ | ᠠᠬᠤᠶᠢᠯᠠᠯ ᠤᠨ ᠲᠥᠯᠥᠭᠡᠯᠡᠭᠴᠢ ᠪᠠ ᠣᠯᠠᠨ ᠲᠦᠮᠡᠨ ᠤ ᠲᠥᠯᠥᠭᠡᠯᠡᠭᠴᠢ᠃ |