ᠰᠢᠭᠤᠶᠢᠲᠤ ᠵᠡᠭᠡᠯᠢ ᠭᠤᠳᠤᠮᠵᠢ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020/12/17
       ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠲᠤᠬᠠᠶ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢᠨ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠶᠠᠪᠤᠭᠳᠠᠭᠤᠯᠬᠤ ᠶᠢ ᠦᠨᠡᠨᠬᠦ ᠪᠠᠲᠤᠯᠠᠵᠤ᠂ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠨᠢ ᠣᠯᠠᠨ ᠠᠷᠭ᠎ᠠ ᠵᠠᠮ᠂ ᠣᠯᠠᠨ ᠬᠡᠯᠪᠡᠷᠢ᠂ ᠣᠯᠠᠨ ᠬᠠᠷᠠᠭᠠᠰᠤ ᠪᠠᠷ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠤᠬᠠᠭᠤᠯᠭ᠎ᠠ ᠶᠢ ᠥᠷᠨᠢᠭᠦᠯᠪᠡ᠃
       ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠳᠤᠮᠳᠠ᠂ ᠸᠢᠴᠠᠲ ᠤᠨ ᠮᠡᠳᠡᠭᠡ ᠵᠠᠩᠭᠢ ᠶᠢᠨ ᠪᠦᠯᠦᠭᠯᠡᠯ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠬᠥᠨᠳᠡᠯᠡᠨ ᠪᠢᠴᠢᠭᠡᠰᠦ ᠨᠠᠭᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ ᠥᠷᠭᠡᠨ ᠳᠡᠯᠭᠡᠷ ᠤᠬᠠᠭᠤᠯᠵᠤ᠂ ᠣᠯᠠᠨ ᠲᠤ ᠮᠡᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠣᠶ ᠢᠯᠠᠭᠠᠬᠤ ᠳᠤ ᠲᠥᠬᠦᠮ ᠦᠵᠡᠭᠦᠯᠦᠨ᠎ᠡ᠃ ᠬᠤᠭᠤᠴᠠᠭ᠎ᠠ ᠰᠣᠯᠢᠬᠤ ᠶᠢᠨ ᠲᠥᠯᠥᠭᠡ ᠤᠷᠢᠳᠴᠢᠯᠠᠨ ᠬᠠᠯᠠᠵᠤ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠠᠭᠤᠷ ᠠᠮᠢᠰᠭᠤᠯ ᠢ ᠢᠳᠡᠪᠬᠢᠲᠡᠢ ᠪᠤᠢ ᠪᠣᠯᠭᠠᠵᠤ᠂ ᠰᠠᠭᠤᠭᠠᠯᠢ ᠠᠷᠠᠳ ᠲᠦᠮᠡᠨ ᠤ ᠬᠤᠭᠤᠴᠠᠭ᠎ᠠ ᠰᠣᠯᠢᠬᠤ ᠰᠣᠩᠭᠤᠭᠤᠯᠢ ᠳᠤ ᠤᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠶ᠃
       ᠳᠠᠷᠠᠭ᠎ᠠ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠤᠬᠠᠭᠤᠯᠭ᠎ᠠ ᠶᠢᠨ ᠠᠴᠢᠶᠠᠯᠠᠪᠤᠷᠢ ᠶᠢ ᠦᠷᠭᠦᠯᠵᠢᠯᠡᠨ ᠦᠷᠭᠡᠳᠭᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠤᠬᠠᠭᠤᠯᠵᠤ᠂ ᠪᠠᠰᠠ ᠲᠡᠳᠡᠨ ᠤ ᠬᠤᠭᠤᠴᠠᠭ᠎ᠠ ᠰᠣᠯᠢᠬᠤ ᠰᠣᠩᠬᠤᠭᠤᠯᠢ ᠶᠢᠨ ᠠᠵᠢᠯ ᠳᠤ ᠢᠳᠡᠪᠬᠢᠲᠡᠶ ᠣᠷᠣᠯᠴᠠᠬᠤ ᠶᠢ ᠵᠤᠷᠢᠭᠵᠢᠭᠤᠯᠤᠨ᠂ ᠨᠡᠩ ᠣᠯᠠᠨ ᠨᠠᠮ ᠤᠨ ᠭᠡᠰᠢᠭᠦᠨ ᠣᠯᠠᠨ ᠲᠦᠮᠡᠨ ᠳᠤ ᠬᠤᠭᠤᠴᠠᠭ᠎ᠠ ᠰᠣᠯᠢᠬᠤ ᠰᠣᠩᠬᠤᠭᠤᠯᠢ ᠶᠢ ᠮᠡᠳᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠤᠷᠤᠭᠰᠢᠲᠠ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠦᠬᠦ ᠲᠠᠯ᠎ᠠ ᠪᠠᠷ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠪᠠᠲᠤᠯᠠᠨ᠎ᠠ᠃
 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号