ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠸᠧᠨ ᠾᠧ ︽ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠰᠡᠳᠦᠪᠲᠦ ᠲᠧᠯᠸᠢᠰ ᠤᠨ ᠰᠤᠷᠪᠤᠯᠵᠢᠯᠠᠭ᠎ᠠ ᠶᠢᠨ ᠫᠷᠤᠭ᠍ᠷᠠᠮ ᠪᠣᠯᠪᠠ
ᠨᠡᠶᠢᠲᠡᠯᠡᠭᠰᠡᠨ ᠴᠠᠭ᠄
2020/12/17
       ᠠᠷᠠᠳ ᠲᠦᠮᠡᠨ ᠢᠶᠠᠷ ᠭᠤᠣᠯ ᠪᠤᠯᠭᠠᠵᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠬᠦ ᠶᠢᠨ ᠲᠥᠯᠥᠭᠡ᠂ ᠰᠤᠷᠲᠠᠯ ᠴᠢᠬᠡᠴᠢ ᠣᠪᠣᠷ ᠲᠥᠪ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠣᠶ ᠪᠤᠯᠭᠠᠵᠤ᠂ ᠪᠦᠬᠦ ᠬᠤᠲᠠ ᠶᠢᠨ ᠡᠯ᠎ᠡ ᠭᠠᠵᠠᠷ ᠣᠷᠣᠨ ᠤ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠠᠯ᠎ᠠ ᠶᠢᠨ ᠲᠤᠷᠰᠢᠯᠭ᠎ᠠ ᠠᠷᠭ᠎ᠠ ᠪᠠᠷᠢᠯ ᠦᠷ᠎ᠡ ᠪᠦᠲᠦᠮᠵᠢ ᠶᠢ ᠲᠥᠪᠯᠡᠷᠡᠭᠦᠯᠦᠨ ᠦᠵᠡᠭᠦᠯᠵᠦ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠪᠠᠶᠢᠳᠠᠯ᠂ ᠬᠠᠷᠢᠭᠤᠴᠠᠯᠭ᠎ᠠ ᠡᠭᠦᠷᠭᠡᠯᠡᠬᠦ ᠪᠠᠷ ᠵᠢᠳᠬᠦᠯ ᠴᠢᠷᠮᠠᠶᠢᠯᠭ᠎ᠠ ᠭᠠᠷᠭᠠᠭᠰᠠᠨ ᠪᠣᠳᠠᠲᠤ ᠠᠵᠢᠯᠯᠠᠭ᠎ᠠ ᠪᠠᠷ ᠢᠶᠠᠨ ᠨᠠᠩ ᠰᠠᠶᠢᠨ ᠬᠢᠵᠦ᠂ ᠭᠠᠵᠠᠷ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤᠮᠳᠠ᠂ ᠬᠢᠨᠠᠯᠲᠠ ᠲᠠᠯᠪᠢᠵᠤ ᠪᠠᠲᠤᠯᠠᠬᠤ᠂ ᠲᠡᠭᠦᠯᠳᠡᠷᠵᠢᠭᠦᠯᠵᠦ ᠬᠥᠭᠵᠢᠭᠦᠯᠬᠦ ᠶᠢ ᠠᠬᠢᠭᠤᠯᠬᠤ ᠦᠢᠯᠡᠳᠤᠯ ᠢ ᠪᠠᠳᠠᠷᠭᠤᠯᠵᠤ᠂ ᠡᠭᠦᠨ ᠤ ᠤᠯᠠᠮ ᠠᠴᠠ ᠵᠢᠷᠭᠤᠭᠠᠨ ᠲᠣᠭᠲᠠᠭᠤᠨ ᠤ ᠠᠵᠢᠯ ᠢ ᠰᠠᠶᠢᠲᠤᠷ ᠬᠢᠵᠦ᠂ ᠵᠢᠷᠭᠤᠭᠠᠨ  ᠪᠠᠲᠤᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠵᠠᠶ᠃ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠤᠶᠢᠯ ᠤᠨ ᠠᠵᠢᠯ ᠢ ᠴᠢᠨᠠᠷ ᠰᠠᠶᠢᠲᠠᠶ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠠᠬᠢᠨ ᠮᠣᠷᠳᠠᠵᠤ᠂ ᠪᠤᠭᠤᠲᠤ ᠶᠢᠨ ᠰᠢᠨ᠎ᠡ ᠨᠢᠭᠡ ᠡᠭᠡᠯᠵᠢ ᠶᠢᠨ ᠬᠥᠭᠵᠢᠯᠲᠡ ᠪᠣᠯᠤᠨ ᠥᠷᠢᠰᠥᠯᠳᠦᠭᠡᠨ ᠤ ᠳᠤᠮᠳᠠ ᠬᠦᠨᠳᠦ ᠪᠦᠰᠡᠯᠡᠯᠲᠡ ᠶᠢ ᠰᠢᠪᠲᠤᠯᠵᠤ᠂ ᠳᠠᠬᠢᠨᠲᠠ ᠬᠡᠷᠡᠯ ᠰᠠᠴᠤᠷᠠᠩᠭᠤᠶ ᠠᠮᠵᠢᠯᠲᠠ ᠤ ᠦᠲᠦᠭᠡᠬᠦ ᠶᠢ ᠠᠬᠢᠭᠤᠯᠵᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ᠃ ᠣᠶᠢᠷ᠎ᠠ ᠳᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠡᠭᠦᠳᠡᠷᠯ ᠠᠴᠠ ᠦᠢᠯᠡᠳᠦᠭᠰᠡᠨ ︽ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠰᠡᠳᠦᠪᠲᠦ ᠲᠧᠯᠸᠢᠰ ᠤᠨ ᠰᠤᠷᠪᠤᠯᠵᠢᠯᠠᠭ᠎ᠠ ᠶᠢᠨ ᠫᠷᠤᠭ᠍ᠷᠠᠮ ᠢ ᠵᠠᠯᠭᠠᠭ᠎ᠠ ᠪᠠᠷ ᠨᠡᠪᠲᠡᠷᠡᠭᠦᠯᠦᠨ᠎ᠡ᠃        ᠲᠤᠰ ᠬᠤᠭᠤᠴᠠᠭᠠᠨ ᠤ ᠰᠤᠷᠪᠤᠯᠵᠢᠯᠠᠨ ᠶᠠᠷᠢᠯᠴᠠᠬᠤ ᠳᠠᠭᠠᠨ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢ ᠤᠷᠢᠵᠤ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠬᠤᠢ ᠫᠷᠤᠭ᠍ᠷᠠᠮ ᠪᠣᠯᠵᠣ᠂ ᠣᠯᠠᠨ ᠤ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠢᠨ᠎ᠠ᠃ᠴᠥᠷᠬᠡᠯᠡᠬᠦ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠸᠧᠨ ᠾᠧ ︽ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠰᠡᠳᠦᠪᠲᠦ ᠲᠧᠯᠸᠢᠰ ᠤᠨ ᠰᠤᠷᠪᠤᠯᠵᠢᠯᠠᠭ᠎ᠠ ᠶᠢᠨ ᠫᠷᠤᠭ᠍ᠷᠠᠮ ᠪᠣᠯᠪᠠ
 
ᠢᠷᠡᠯᠲᠡ᠄ ᠪᠤᠭᠤᠲᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号