ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠪᠠᠷ ᠲᠤᠯᠭᠠᠭᠤᠷᠢᠯᠠᠭᠤᠯᠵᠤ ᠬᠠᠷᠢᠭᠤᠴᠠᠯᠭ᠎ᠠ ᠡᠭᠦᠷᠭᠡᠯᠡᠬᠦ ᠪᠠᠷ ᠶᠡᠭᠡ ᠶᠠᠰᠤ ᠴᠢᠨᠠᠷ ᠢ ᠳᠡᠭᠡᠭᠰᠢᠯᠡᠭᠦᠯᠵᠦ ᠮᠠᠨ ᠤ ᠬᠤᠲᠠ ᠶᠢᠨ ᠪᠦᠬᠦ ᠤᠯᠤᠰ ᠠᠴᠠ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠬᠤ ᠪᠣᠳᠠᠲᠤ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠪᠠᠲᠤᠯᠠᠨ᠎ᠠ
ᠨᠡᠶᠢᠲᠡᠯᠡᠭᠰᠡᠨ ᠴᠠᠭ᠄
2020/12/17
       ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠬᠤ ᠠᠯᠪᠠᠨ ᠭᠡᠷ ︽ᠪᠤᠭᠤᠲᠤ ᠬᠤᠲᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠷᠭ᠎ᠠ︾ ︵ᠳᠣᠷᠣᠭᠰᠢ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠢᠨᠠᠨ ᠰᠢᠯᠭᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠂ ᠡᠨᠡ ᠪᠣᠯ ᠮᠠᠨ ᠤ ᠬᠤᠲᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭ ᠤᠯᠵᠠᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠬᠤ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ ᠬᠢᠨᠠᠨ ᠰᠢᠯᠭᠠᠬᠤ ᠠᠷᠭ᠎ᠠ ᠶᠢ ᠨᠠᠩ ᠭᠦᠨᠵᠡᠭᠡᠶ ᠪᠥᠭᠡᠳ ᠪᠦᠬᠦ ᠲᠠᠯ᠎ᠠ ᠪᠠᠷ ᠣᠶᠢᠯᠠᠭᠠᠬᠤ ᠶᠢᠨ ᠲᠥᠯᠥᠭᠡ᠂ ᠰᠤᠷᠪᠤᠯᠵᠢᠯᠠᠭᠴᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠬᠤ ᠠᠯᠪᠠᠨ ᠬᠡᠷ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠨᠥᠬᠦᠳ ᠢ ᠰᠤᠷᠪᠤᠯᠵᠢᠯᠠᠵᠤ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠢᠨᠠᠨ ᠰᠢᠯᠭᠠᠬᠤ ᠠᠷᠭ᠎ᠠ︾ ᠳᠤ ᠲᠠᠶᠢᠯᠤᠮᠵᠢ ᠬᠢᠵᠦ ᠲᠠᠶᠢᠯᠪᠤᠷᠢᠯᠠᠯᠲᠠ ᠬᠢᠪᠠ᠃        ᠨᠢᠭᠡ᠂ ᠠᠰᠠᠭᠤᠯᠲᠠ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠬᠤ ᠠᠷᠭ᠎ᠠ︾ ᠶᠢ ᠲᠤᠭᠲᠠᠭᠠᠬᠤ ᠦᠨᠳᠦᠰᠦᠯᠡᠯ ᠪᠠ ᠭᠤᠤᠯ ᠠᠭᠤᠯᠭ᠎ᠠ ᠨᠢ ᠶᠠᠭᠤ ᠪᠣᠶ︖        ᠬᠠᠷᠢᠭᠤᠯᠲᠠ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠯᠭᠠᠨ ᠬᠢᠨᠠᠬᠤ ᠠᠷᠭ᠎ᠠ︾ ᠶᠢ ᠭᠤᠤᠯᠳᠠᠭᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ︽ᠪᠤᠭᠤᠲᠤ ᠬᠤᠲᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ ᠠᠷᠭ᠎ᠠ ᠬᠡᠮᠵᠢᠶ᠎ᠡ ᠨᠦᠭᠦᠳ ︾ ᠢ ᠦᠨᠳᠦᠰᠦᠯᠡᠨ ᠲᠣᠭᠲᠠᠭᠠᠪᠠ᠃ ᠬᠢᠨᠠᠨ ᠰᠢᠯᠭᠠᠬᠤ ᠠᠭᠤᠯᠠᠨ᠎ᠠ ᠪᠠ ᠠᠷᠭ᠎ᠠ ᠮᠠᠶ᠋ᠢᠭ ᠢ ᠲᠣᠳᠣᠷᠬᠠᠶᠢᠯᠠᠵᠤ᠂ ᠪᠣᠳᠠᠲᠠᠶ ᠭᠦᠢᠴᠡᠳᠭᠡᠬᠦ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠡᠮᠵᠢᠶᠡᠯᠡᠵᠦ᠂ ᠬᠢᠨᠠᠨ ᠰᠢᠯᠭᠠᠬᠤ ︽ᠳᠣᠬᠢᠭᠤᠷ ︾ ᠤᠨ ᠦᠢᠯᠡᠳᠦᠯ ᠢ ᠨᠠᠩ ᠰᠠᠶᠢᠨ ᠪᠠᠳᠠᠷᠠᠭᠤᠯᠬᠤ ᠪᠠᠷ ᠴᠢᠷᠮᠠᠶᠢᠵᠤ᠂ ᠬᠢᠨᠠᠨ ᠵᠥᠪᠰᠢᠶᠡᠷᠡᠬᠦ ᠵᠤᠶᠢᠯᠡᠰ ᠬᠠᠮᠤᠭ ᠤᠨ ᠴᠥᠭᠡᠨ᠂ ᠵᠠᠰᠠᠭ ᠤᠨ ᠶᠠᠪᠤᠳᠠᠯ ᠤᠨ  ᠦᠢᠯᠡᠴᠢᠯᠡᠭᠡ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠪᠠ  ᠦᠢᠯᠡᠴᠢᠯᠡᠬᠦ ᠬᠤᠷᠳᠤᠴᠠ ᠬᠠᠮᠤᠭ ᠤᠨ ᠲᠦᠷᠭᠡᠨ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃    ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠬᠤ ᠠᠷᠭ᠎ᠠ︾ ᠨᠢ ᠨᠡᠶᠢᠲᠡ 4 ᠪᠦᠯᠦᠭ 16 ᠵᠤᠷᠪᠤᠰ ᠪᠣᠶ᠃ ᠨᠢᠭᠡᠳᠦᠭᠡᠷ ᠪᠦᠯᠦᠭ ︽ᠶᠡᠷᠦᠩᠬᠡᠶ ᠳᠦᠷᠢᠮ︾ ᠳᠤ ᠬᠢᠨᠠᠨ ᠰᠢᠯᠭᠠᠬᠤ ᠬᠠᠷᠠᠯᠲᠠ ᠵᠢᠴᠢ ᠦᠨᠳᠦᠰᠦ ᠪᠠᠷᠢᠮᠲᠠ᠂ ᠬᠡᠷᠡᠭᠯᠡᠬᠦ ᠬᠡᠪᠴᠢᠶ᠎ᠡ᠂ ᠶᠡᠷᠦᠩᠬᠡᠶ ᠱᠠᠭᠠᠷᠳᠠᠯᠭ᠎ᠠ᠂ ᠬᠡᠷᠡᠭᠵᠢᠭᠦᠯᠬᠦ ᠨᠢᠭᠡᠴᠢ ᠵᠡᠷᠭᠡ ᠶᠢ ᠲᠣᠳᠣᠷᠬᠠᠶᠢᠯᠠᠪᠠ᠃ ᠬᠤᠶᠠᠳᠤᠭᠠᠷ ᠪᠦᠯᠦᠭ ᠪᠠ ᠭᠤᠷᠪᠠᠳᠤᠭᠠᠷ ᠪᠦᠯᠦᠭ ᠬᠢᠨᠠᠨ ᠰᠢᠯᠭᠠᠬᠤ ᠠᠭᠤᠯᠭ᠎ᠠ᠂ ᠠᠷᠭ᠎ᠠ ᠮᠠᠶ᠋ᠢᠭ᠂ ᠦᠷ᠎ᠡ ᠳ᠋ᠦᠩ ᠢ ᠲᠣᠭᠲᠠᠭᠠᠬᠤ ᠵᠢᠴᠢ ᠬᠡᠷᠡᠭᠯᠡᠬᠦ ᠵᠡᠷᠭᠡ ᠶᠢᠨ ᠲᠤᠬᠠᠶ ᠲᠤᠰ ᠲᠤᠰ ᠲᠣᠭᠲᠠᠭᠠᠯ ᠭᠠᠷᠭᠠᠪᠠ᠃        ᠬᠤᠶᠠᠷ᠂ ᠠᠰᠠᠭᠤᠯᠲᠠ᠄ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠬᠤ ᠠᠷᠭ᠎ᠠ︾ ᠳᠤ ᠶᠠᠮᠠᠷ ᠠᠵᠢᠯ ᠳᠤ ᠴᠢᠭᠯᠡᠭᠦᠯᠦᠨ ᠬᠢᠨᠠᠨ ᠰᠢᠯᠭᠠᠯᠲᠠ ᠬᠢᠬᠦ ᠪᠣᠶ︖        ᠬᠠᠷᠢᠭᠤᠯᠲᠠ᠄ ᠰᠢᠯᠭᠠᠨ ᠬᠢᠨᠠᠬᠤ ᠠᠭᠤᠯᠭ᠎ᠠ ᠳᠤ ᠭᠤᠤᠯᠳᠠᠭᠤ᠄ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠳᠡᠭᠵᠢᠭᠦᠯᠵᠦ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠢᠳᠠᠯ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠬᠦ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠠᠶᠢᠳᠠᠯ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠵᠡᠷᠭᠡ᠃        ᠠᠵᠤ ᠠᠬᠤᠶᠢᠯᠠᠯ ᠡᠷᠬᠢᠯᠡᠬᠦ᠂ ᠪᠠᠷᠢᠯᠭ᠎ᠠ ᠡᠷᠬᠢᠯᠡᠬᠦ ᠵᠥᠪᠰᠢᠶᠡᠷᠡᠯ ᠣᠯᠭᠤᠬᠤ᠂ ᠴᠠᠬᠢᠯᠭᠠᠨ ᠬᠦᠴᠦᠨ ᠬᠦᠷᠲᠡᠬᠦ᠂ ᠤᠰᠤ ᠬᠡᠷᠡᠭᠯᠡᠬᠦ ᠬᠡᠢ ᠬᠡᠷᠡᠭᠯᠡᠬᠦ᠂ ᠳᠠᠩᠰᠠᠯᠠᠭᠤᠯᠬᠤ ᠡᠳ᠋ ᠬᠥᠷᠥᠩᠭᠡ᠂ ᠭᠠᠶᠢᠯᠢ ᠲᠤᠰᠢᠶᠠᠬᠤ᠂ ᠬᠢᠯᠢ ᠠᠯᠤᠰᠠᠯᠠᠭᠰᠠᠨ ᠠᠷᠠᠯᠵᠢᠶ᠎ᠠ ᠬᠢᠬᠦ᠂ ᠢᠲᠡᠭᠡᠮᠵᠢᠲᠦ ᠵᠢᠭᠡᠯᠡᠯᠭᠡ ᠣᠯᠬᠤ᠂ ᠳᠤᠮᠳᠠ ᠵᠢᠵᠢᠭ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠳᠠᠮᠫᠤᠷᠠᠬᠤ ᠶᠢ ᠭᠦᠢᠴᠡᠭᠡᠬᠦ᠂ ᠭᠡᠷ᠎ᠡ ᠭᠦᠢᠴᠡᠳᠭᠡᠬᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠬᠠᠮᠠᠭᠠᠯᠠᠯᠲᠠ ᠬᠡᠷᠡᠭᠯᠡᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠵᠡᠷᠭᠡ 18 ᠲᠠᠯ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠰᠢᠯᠭᠠᠨ᠎ᠠ᠃        ᠬᠢᠨᠠᠨ ᠰᠢᠯᠭᠠᠯᠲᠠ ᠶᠢᠨ ᠬᠡᠮᠵᠢᠶᠡᠯᠡᠬᠦ‌‍ᠭᠦ᠋ᠢᠴᠡᠳᠭᠡᠬᠦ ᠲᠤᠭ᠎ᠠ ᠶᠢ ᠳᠡᠯᠡᠬᠡᠶ ᠶᠢᠨ ᠲᠡᠷᠢᠭᠦᠨ ᠤ᠂ ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ ᠪᠠᠷᠢᠮᠵᠢᠶ᠎ᠠ ᠪᠠᠷ ᠪᠠᠷᠢᠮᠵᠢᠶᠠᠯᠠᠵᠤ᠂ ᠳᠡᠭᠡᠰᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠲᠤᠬᠢᠷᠠᠭᠤᠯᠤᠨ ᠰᠢᠯᠢᠳᠡᠭᠵᠢᠭᠦᠯᠦᠨ᠎ᠡ᠃        ᠭᠤᠷᠪᠠ᠂ ᠠᠰᠠᠭᠤᠯᠲᠠ᠄ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠤ ᠭᠤᠤᠯᠳᠠᠭᠤ ᠶᠠᠮᠠᠷ ᠶᠠᠮᠠᠷ ᠠᠷᠭ᠎ᠠ ᠬᠡᠯᠪᠡᠷᠢ ᠪᠠ ᠠᠷᠭ᠎ᠠ ᠶᠢ ᠠᠪᠬᠤ ᠪᠣᠶ︖        ᠬᠠᠷᠢᠭᠤᠯᠲᠠ᠄ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠭᠤᠤᠯᠳᠠᠭᠤ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ᠂ ᠦᠢᠯᠡᠴᠢᠯᠡᠬᠦ ᠡᠲᠡᠭᠡᠳ ᠤᠨ ᠦᠨᠡᠯᠡᠯᠲᠡ᠂ ᠶᠡᠭᠡ ᠲᠢᠩᠬᠢᠮ ᠵᠢᠴᠢ ᠠᠵᠢᠯᠲᠠᠨ ᠤ ᠬᠠᠮᠢᠶᠠᠷᠤᠯᠲᠠ ᠶᠢ ᠰᠢᠯᠭᠠᠨ ᠦᠨᠡᠯᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠪᠠᠷ ᠭᠤᠤᠯᠤᠯᠠᠭ᠎ᠠ ᠪᠣᠯᠭᠠᠭᠰᠠᠨ᠂ ᠦᠢᠯᠡᠴᠢᠯᠡᠬᠦ ᠡᠲᠡᠭᠡᠳ ᠢ ᠦᠨᠡᠯᠡᠬᠦ ᠪᠠ ᠶᠡᠭᠡ ᠲᠢᠩᠬᠢᠮ ᠵᠢᠴᠢ ᠠᠵᠢᠯᠲᠠᠨ ᠤ ᠬᠠᠮᠢᠶᠠᠷᠤᠯᠲᠠ ᠶᠢᠨ ᠰᠢᠯᠭᠠᠨ ᠦᠨᠡᠯᠡᠬᠦ ᠪᠠᠷ ᠲᠤᠯᠭᠠᠭᠤᠷᠢ ᠪᠣᠯᠭᠠᠭᠰᠠᠨ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠪᠠ᠃        ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠤ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠭᠤᠣᠯᠯᠠᠭᠴᠢ ᠬᠦᠴᠦᠨ ᠢ ᠲᠡᠳᠡᠨ ᠠᠪᠴᠢᠷᠠᠵᠤ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠤᠯᠠᠷᠢᠯ ᠪᠦᠷᠢ ᠮᠠᠨ ᠤ ᠬᠤᠲᠠ ᠶᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠤᠯᠭᠠᠬᠤ ᠠᠷᠭ᠎ᠠ ᠬᠡᠮᠵᠢᠶ᠎ᠡ ᠨᠦᠭᠦᠳ ᠢ ᠨᠠᠢᠳᠠᠪᠤᠷᠢᠵᠢᠭᠤᠯᠬᠤ ᠪᠠᠶ᠋ᠭ᠎ᠠ ᠪᠠᠢᠳᠠᠯ ᠢ ᠲᠥᠷᠦᠯ ᠳᠠᠷᠠᠭᠠᠯᠠᠨ ᠪᠠᠶᠢᠴᠠᠭᠠᠨ ᠦᠨᠡᠯᠡᠵᠦ᠂ ᠵᠢᠯ ᠤᠨ ᠡᠴᠦᠰ ᠲᠤ ᠶᠡᠷᠦᠩᠬᠡᠢᠯᠡᠨ ᠰᠢᠯᠭᠠᠨ ᠦᠨᠡᠯᠡᠬᠦ ᠶᠢ ᠵᠣᠬᠢᠶᠠᠨ ᠪᠠᠶᠢᠭᠤᠯᠤᠨ᠎ᠠ᠃        ᠦᠢᠯᠡᠴᠢᠯᠡᠬᠦ ᠡᠲᠡᠭᠡᠳ ᠤᠨ ᠦᠨᠡᠯᠡᠯᠲᠡ ᠳᠤ ᠭᠤᠤᠯᠳᠠᠭᠤ ᠨᠠᠵᠠᠭᠠᠶ ᠲᠠᠯ᠎ᠠ ᠶᠢᠨ  ᠵᠤᠶᠢᠯᠡᠰ ᠢ ᠰᠢᠭᠰᠢᠨ ᠪᠠᠶᠢᠴᠠᠭᠠᠬᠤ᠂ ᠨᠡᠶᠢᠭᠡᠮ ᠤᠨ ᠦᠨᠡᠯᠡᠯᠲᠡ ᠪᠠ ︽ᠰᠠᠶᠢᠨ ᠮᠠᠭᠤ ᠦᠨᠡᠯᠡᠯᠲᠡ︾ ᠶᠢᠨ ᠦᠨᠡᠯᠡᠯᠲᠡ ᠪᠠᠭᠲᠠᠨ᠎ᠠ᠃ ᠨᠠᠵᠠᠭᠠᠶ ᠲᠠᠯ᠎ᠠ ᠶᠢᠨ ᠵᠤᠶᠢᠯᠡᠰ ᠢ ᠰᠢᠭᠰᠢᠨ ᠪᠠᠶᠢᠴᠠᠭᠠᠬᠤ ᠨᠢ ᠭᠤᠤᠯᠳᠠᠭᠤ ᠵᠠᠭᠠᠯᠳᠤᠬᠤ᠂ ᠵᠠᠬᠢᠳᠠᠯ ᠰᠤᠷᠪᠤᠯᠵᠢᠯᠠᠯ᠂ ᠰᠦᠯᠵᠢᠶ᠎ᠡ ᠪᠠᠷ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠶᠠᠪᠤᠳᠠᠯ ᠪᠣᠯᠤᠨ᠎ᠠ᠃ ᠦᠨᠡᠯᠡᠯᠲᠡ ᠨᠢ ᠭᠤᠤᠯᠳᠠᠭᠤ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ︽ᠬᠤᠲᠠ ᠶᠢᠨ ᠠᠷᠠᠳ ᠲᠤ ᠮᠡᠳᠡᠭᠦᠯᠬᠦ᠂ ᠬᠤᠲᠠ ᠶᠢᠨ ᠠᠷᠠᠳ ᠤᠨ ᠰᠠᠨᠠᠯ ᠢ ᠰᠣᠨᠣᠰᠬᠤ᠂ ᠬᠤᠲᠠ ᠶᠢᠨ ᠠᠷᠠᠳ ᠲᠤ ᠦᠨᠡᠯᠡᠨ ᠶᠠᠷᠢᠯᠴᠠᠭᠤᠯᠬᠤ︾ ᠠᠵᠢᠯᠯᠠᠭ᠎ᠠ ᠶᠢᠨ ᠳᠤᠮᠳᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠨᠡᠯᠡᠯᠲᠡ ᠶᠢᠨ ᠦᠷ᠎ᠡ ᠳ᠋ᠦᠩ ᠢ ᠶᠡᠷᠦᠩᠬᠡᠶᠢᠯᠡᠨ ᠬᠡᠷᠡᠭᠯᠡᠨ᠎ᠡ᠃ ᠵᠢᠴᠢ ᠨᠢᠭᠲᠠ ᠬᠠᠷᠢᠯᠴᠠᠵᠤ᠂ ᠪᠠᠶᠢᠳᠠᠯ ᠢ ᠣᠶᠢᠯᠠᠭᠠᠬᠤ ᠠᠵᠤ ᠠᠬᠤᠶᠢᠯᠠᠯ ᠤᠨ ᠲᠥᠯᠥᠭᠡᠯᠡᠭᠴᠢ ᠪᠠ ᠣᠯᠠᠨ ᠲᠦᠮᠡᠨ ᠤ ᠲᠥᠯᠥᠭᠡᠯᠡᠭᠴᠢ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号