ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠤᠬᠠᠭᠤᠯᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020/12/18
       2020 ᠣᠨ ᠤ 12 ᠳ᠋ᠤᠭᠠᠷ ᠰᠠᠷ᠎ᠠ ᠶᠢᠨ 18 ᠤ ᠡᠳᠦᠷ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠤ ᠠᠵᠢᠯᠲᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠤᠬᠠᠭᠤᠯᠬᠤ ᠬᠠᠭᠤᠳᠠᠰᠤ ᠲᠠᠷᠬᠠᠭᠠᠬᠤ᠂ ᠰᠦᠯᠵᠢᠶᠡᠨ ᠥᠷᠲᠡᠭᠡᠨ ᠤ ᠳᠡᠯᠭᠡᠨ ᠦᠵᠡᠭᠦᠯᠬᠦ ᠰᠠᠮᠪᠠᠷ᠎ᠠ ᠶᠢ ᠲᠠᠨᠢᠯᠴᠠᠭᠤᠯᠬᠤ ᠵᠡᠷᠭᠡ ᠬᠡᠯᠪᠡᠷᠢ ᠪᠠᠷ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ  ᠤᠬᠠᠭᠤᠯᠭ᠎ᠠ ᠶᠢᠨ ᠠᠵᠢᠯ ᠥᠷᠨᠢᠭᠦᠯᠪᠡ᠃
       ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢ ᠳᠡᠯᠭᠡᠷᠡᠭᠦᠯᠬᠦ ᠳᠤ ᠴᠢᠬᠤᠯᠠ ᠦᠢᠯᠡᠳᠦᠯ ᠦᠵᠡᠭᠦᠯᠵᠡᠶ᠃ ᠮᠠᠨ ᠤ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠤ ᠢᠳᠡᠪᠬᠢᠲᠡᠶ ᠦᠢᠯᠡᠳᠦᠯ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠳᠤ ᠰᠢᠭᠤᠶᠢᠲᠤ ᠲᠣᠭᠤᠷᠢᠭ ᠤᠨ ᠴᠠᠭ ᠤᠨ ᠪᠠᠶᠢᠳᠠᠯ ᠤᠨ ᠰᠣᠨᠢᠨ ᠮᠡᠳᠡᠭᠡ᠂ ᠴᠢᠬᠤᠯᠠ ᠲᠥᠷᠥ ᠶᠢᠨ ᠪᠣᠳᠣᠯᠭ᠎ᠠ᠂ ᠤᠳᠬ᠎ᠠ ᠤᠷᠠᠯᠢᠭ᠂ ᠰᠣᠶᠣᠯ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠴᠠᠭ ᠲᠤᠬᠠᠶ ᠳᠤᠨᠢ ᠣᠶᠢᠯᠠᠭᠠᠬᠤ ᠳᠤ ᠲᠥᠬᠦᠮ ᠦᠵᠡᠭᠦᠯᠪᠡ᠃
       ᠳᠠᠷᠠᠭ᠎ᠠ ᠠᠯᠬᠤᠮ ᠳᠤ᠂ ᠮᠠᠨ ᠤ ᠲᠣᠪᠴᠢᠶ᠎ᠠ ᠰᠢᠭᠤᠶᠢᠲᠤ ᠲᠣᠭᠤᠷᠢᠭ ᠤᠨ ᠠᠷᠠᠳ ᠤᠨ ᠮᠣᠩᠭᠤᠯ ᠬᠡᠯᠡᠨ ᠤ ᠰᠦᠯᠵᠢᠶᠡᠨ ᠤ ᠥᠷᠲᠡᠭᠡ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠬᠠᠳᠬᠠᠵᠤ᠂ ᠨᠠᠮ ᠤᠨ ᠳᠠᠭᠤᠨ ᠢ ᠮᠣᠩᠭᠤᠯ ᠦᠨᠳᠦᠰᠦᠲᠡᠨ ᠤ  ᠠᠬ᠎ᠠ ᠳᠡᠭᠦᠤᠨᠡᠷ ᠲᠤ ᠳᠠᠮᠵᠢᠭᠤᠯᠤᠨ᠎ᠠ᠃ ᠮᠣᠩᠭᠤᠯ ᠦᠨᠳᠦᠰᠦᠲᠡᠨ ᠤ ᠠᠬ᠎ᠠ ᠳᠡᠭᠦᠤ ᠨᠡᠷ ᠲᠤ ᠨᠠᠮ ᠤᠨ ᠲᠥᠷᠥ ᠶᠢᠨ ᠪᠣᠳᠣᠯᠭ᠎ᠠ ᠶᠢ ᠦᠨᠡᠨ ᠬᠦ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠳ᠋ᠯᠡᠭᠦᠯᠦᠨ᠎ᠡ᠃
 
ᠢᠷᠡᠯᠲᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号