ᠰᠢᠭᠤᠶᠢᠲᠤ ᠲᠤᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠨᠠᠮ ᠤᠨ ᠡᠭᠦᠷ 《 ᠬᠤᠤᠰ ᠦᠶᠯᠡᠴᠢᠯᠡᠭᠡ᠂ ᠬᠤᠤᠰ ᠵᠥᠪᠰᠢᠶᠡᠷᠡᠯ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/25
       2020 ᠣᠨ ᠤ 12 ᠰᠠᠷ᠎ᠠ ᠶᠢᠨ 24   ᠤ ᠡᠳᠦᠷ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠲᠣᠪᠴᠢᠶ᠎ᠠ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠬᠠᠪᠰᠤᠷᠤᠨ ᠲᠡᠳᠬᠦᠬᠦ ᠲᠣᠰᠬᠤᠨ ᠵᠢᠶ ᠮᠤᠤ ᠶᠣᠣ ᠽᠢ ᠳᠤ ᠬᠦᠷᠴᠦ ᠨᠢᠭᠡᠨ ᠥᠴᠦᠬᠡᠨ ᠬᠦᠰᠡᠯ 《 ᠬᠤᠤᠰ ᠦᠶᠯᠡᠴᠢᠯᠡᠭᠡ ᠬᠤᠤᠰ ᠲᠠᠨᠢᠯᠲᠠ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃

       ᠮᠠᠨ ᠤ ᠲᠣᠪᠴᠢᠶᠠᠨ ᠤ ᠨᠠᠮ ᠤᠨ ᠭᠡᠰᠢᠭᠦᠨ ᠺᠠᠳ᠋ᠷ ᠬᠠᠪᠰᠤᠷᠤᠨ ᠲᠡᠳᠬᠦᠬᠦ ᠲᠣᠰᠬᠤᠨ ᠵᠢᠶ ᠮᠤᠤ ᠶᠣᠣ ᠽᠢ

ᠲᠣᠰᠬᠤᠨ ᠢ ᠬᠠᠪᠰᠤᠷᠤᠨ ᠲᠡᠳᠬᠦᠬᠦ ᠳᠤ ᠲᠤᠲᠤᠷᠭ᠎ᠠ᠂ ᠢᠳᠡᠰᠢᠨ ᠲᠣᠰᠣ᠂ ᠰᠢᠲᠠᠷ᠎ᠠ᠂ ᠥᠲᠥᠨ ᠪᠥᠮᠪᠦᠭᠡ ᠶᠢᠨ

ᠫᠠᠶᠢᠰᠠ ᠵᠡᠷᠭᠡ ᠡᠳ᠋ ᠪᠣᠳᠠᠰ ᠬᠤᠳᠠᠯᠳᠤᠨ ᠠᠪᠴᠤ ᠥᠭᠴᠡᠶ᠂ ᠬᠡᠳᠦᠶᠢᠪᠡᠷ ᠲᠠᠨᠢᠵᠤ ᠠᠪᠬᠤ ᠬᠦᠰᠡᠯ ᠲᠤᠩ ᠪᠠᠭ᠎ᠠ

ᠪᠣᠯᠪᠠᠴᠤ ᠨᠠᠮ ᠤᠨ ᠭᠡᠰᠢᠭᠦᠨ ᠤ ᠦᠶᠯᠡᠴᠢᠯᠡᠭᠡ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠢᠯᠡᠷᠡᠭᠦᠯᠵᠦ᠂

ᠣᠯᠠᠨ ᠲᠦᠮᠡᠨ ᠲᠠᠢ ᠬᠠᠷᠢᠯᠴᠠᠬᠤ ᠪᠠ ᠦᠶᠯᠡᠴᠢᠯᠡᠬᠦ ᠠᠵᠢᠯ ᠢ ᠰᠠᠶᠢᠲᠤᠷ ᠬᠢᠵᠦ᠂ ᠵᠢᠶ ᠮᠤᠤ ᠶᠣᠣ ᠽᠢ ᠲᠣᠰᠬᠤᠨ ᠤ

ᠬᠦᠴᠢᠷᠳᠡᠯᠲᠡᠶ ᠨᠠᠮ ᠤᠨ ᠭᠡᠰᠢᠭᠦᠨ ᠤ ᠬᠦᠷᠢᠶᠡᠯᠡᠯ ᠪᠠ ᠵᠥᠪᠰᠢᠶᠡᠷᠡᠯ ᠢ ᠣᠯᠵᠠᠶ᠃

       ᠳᠠᠷᠠᠭ᠎ᠠ ᠨᠢ᠂ ᠲᠣᠪᠴᠢᠶᠠᠨ ᠳᠠᠷᠤᠭ᠎ᠠ ᠳ᠋ᠦᠩ ᠱᠤ᠋ ᠰᠢᠶᠦ᠋ᠩ ᠪᠥᠬᠦ ᠺᠠᠳ᠋ᠷ ᠠᠵᠢᠯᠲᠠᠨ ᠢᠶᠠᠨ ᠳᠠᠭᠠᠭᠤᠯᠤᠨ

ᠵᠢᠶ ᠮᠤᠤ ᠶᠣᠣ ᠽᠢ ᠲᠣᠰᠬᠤᠨ ᠤ ᠪᠠᠶᠢᠭᠤᠯᠤᠭᠰᠠᠨ 《 ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠲᠡᠦᠬᠡ 》

  ᠶᠢᠨ ᠤᠯᠠᠭᠠᠨ ᠣᠷᠳᠣ ᠬᠤᠩᠭᠢᠯ ᠢ ᠲᠣᠭᠤᠷᠢᠨ ᠦᠵᠡᠪᠡ᠃

       ᠳᠠᠯᠠᠨ ᠬᠠᠷ᠎ᠠ ᠣᠷᠣᠨ ᠤ ᠥᠪᠥᠷ ᠮᠣᠩᠭᠤᠯ ᠤᠨ ᠬᠤᠪᠢᠰᠬᠠᠯᠲᠤ ᠬᠥᠳᠡᠯᠭᠡᠭᠡᠨ ᠤ ᠥᠯᠥᠭᠡᠢ᠂ ᠮᠥᠨ ᠴᠦ

ᠥᠪᠥᠷ ᠮᠣᠩᠭᠤᠯ ᠤᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ᠎ᠠ᠂ 《 ᠳᠠᠯᠠᠨ ᠬᠠᠷ᠎ᠠ ᠠᠭᠤᠯᠠ

 ᠶᠢᠨ ᠬᠤᠪᠢᠰᠬᠠᠯ ᠤᠨ ᠲᠡᠦᠬᠡ 》 ᠶᠢᠨ ᠬᠤᠪᠢᠰᠬᠠᠯ ᠤᠨ ᠤᠷᠳᠤ ᠬᠤᠩᠭᠢᠯ ᠢ ᠲᠣᠭᠤᠷᠢᠨ ᠦᠵᠡᠬᠦ ᠪᠠᠷ ᠳᠠᠮᠵᠢᠨ᠂

ᠪᠢᠳᠡ ᠠᠬᠠᠮᠠᠳ ᠬᠤᠪᠢᠰᠬᠠᠯᠴᠢ ᠪᠣᠯᠤᠨ ᠦᠷᠡᠭᠳᠡᠭᠰᠡᠨ ᠪᠠᠭᠠᠲᠤᠷᠴᠤᠳ ᠢᠶᠠᠨ ᠭᠦᠨ ᠳᠤᠷᠠᠰᠤᠨ ᠰᠠᠨᠠᠭᠠᠯᠵᠠᠬᠤ ᠶᠢᠨ

ᠬᠠᠮᠲᠤ᠂ ᠨᠡᠩ ᠴᠤ ᠶᠡᠷᠦᠩᠬᠡᠢ ᠱᠦᠵᠢ ᠰᠢ ᠶᠢᠨ ᠫᠢᠩ ᠤᠨ 《 ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ

ᠪᠦᠳᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ 》 ᠨᠠᠨᠳᠢᠨ

ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ᠃

       ᠲᠣᠰ ᠤᠳᠠᠭᠠᠨ ᠤ ᠨᠠᠮ ᠤᠨ ᠡᠳᠦᠷ ᠤᠨ ᠠᠵᠢᠯᠯᠠᠭ᠎ᠠ ᠳᠤ᠂ ᠪᠠᠭ᠎ᠠ ᠬᠠᠶᠢᠷ᠎ᠠ ᠨᠢ ᠶᠡᠭᠡ ᠬᠠᠶᠢᠷ᠎ᠠ ᠪᠣᠯᠤᠨ

ᠪᠦᠷᠢᠯᠳᠦᠵᠦ᠂ ᠥᠴᠦᠬᠡᠨ ᠬᠦᠰᠡᠯ ᠨᠢ ᠶᠡᠭᠡ ᠬᠦᠰᠡᠯ ᠵᠡᠭᠦᠳᠦ ᠪᠣᠯᠤᠨ ᠨᠢᠭᠲᠠᠷᠠᠵᠤ᠂ ᠨᠠᠮ ᠤᠨ ᠭᠡᠰᠢᠭᠦᠨ

ᠺᠠᠳ᠋ᠷᠴᠤᠳ ᠬᠤᠰᠢᠭᠤᠴᠢ ᠵᠢᠱᠢᠶᠡᠴᠢ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠠᠵᠢᠯ ᠤᠨ ᠰᠤᠷᠲᠠᠯ ᠢᠶᠠᠨ

ᠤᠯᠠᠮ ᠨᠢᠭᠡ ᠠᠯᠬᠤᠮ ᠬᠤᠪᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠶᠯᠡᠴᠢᠯᠡᠭᠡᠨ ᠤ ᠬᠢᠷᠢ ᠲᠦᠪᠰᠢᠨ

 ᠢ ᠳᠡᠭᠡᠭᠰᠢᠯᠡᠭᠦᠯᠪᠡ᠃ ᠬᠤᠶᠢᠰᠢᠳᠠ ᠮᠠᠨ ᠤ ᠲᠣᠪᠴᠢᠶᠠᠨ ᠤ ᠨᠠᠮ ᠤᠨ ᠭᠡᠰᠢᠭᠦᠨ ᠺᠠᠳ᠋ᠷᠴᠤᠳ ᠬᠤᠪᠢᠰᠬᠠᠯ ᠤᠨ

ᠦᠷᠡᠭᠳᠡᠭᠰᠡᠨ ᠪᠠᠭᠠᠲᠤᠷᠴᠤᠳ ᠢ ᠨᠡᠩ ᠰᠠᠶᠢᠨ ᠢᠶᠠᠷ ᠮᠥᠷᠳᠡᠨ ᠳᠠᠭᠠᠵᠤ᠂ ᠤᠭ ᠰᠠᠨᠠᠭ᠎ᠠ ᠪᠠᠨ ᠦᠯᠦ ᠮᠠᠷᠲᠠᠵᠤ᠂

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠳᠤ ᠦᠢᠯᠡᠴᠢᠯᠡᠬᠦ ᠶᠢ ᠢᠲᠡᠭᠡᠵᠦ ᠪᠠᠶᠢᠨ᠎ᠠ᠃

 
ᠢᠷᠡᠯᠲᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号