ᠰᠢᠭᠤᠶᠢᠲᠤ ᠵᠡᠭᠡᠯᠢ ᠭᠤᠳᠤᠮᠵᠢ ᠴᠠᠬᠢᠯᠭᠠᠨ ᠬᠥᠳᠡᠯᠭᠡᠭᠦᠷᠲᠦ ᠲᠡᠷᠭᠡ ᠴᠡᠨᠡᠭᠯᠡᠬᠦ ᠳᠠᠯᠳᠠ ᠭᠡᠮ ᠢ ᠵᠢᠭᠰᠠᠭᠠᠨ ᠪᠠᠶ ᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/3
       ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠭᠰᠡᠨ ᠠᠴᠠ ᠪᠣᠯᠤᠭᠰᠠᠨ ᠭᠠᠯ ᠤᠨ ᠠᠶᠤᠯ ᠢ ᠭᠦᠨᠵᠡᠭᠡᠶ ᠰᠢᠩᠭᠡᠭᠡᠨ ᠠᠪᠬᠤ ᠶᠢᠨ ᠲᠥᠯᠥᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠬᠠᠷᠢᠶ᠎ᠠ ᠤᠷᠤᠨ ᠤ ᠭᠠᠯ ᠤᠨ ᠠᠶᠤᠯ ᠭᠠᠷᠤᠭᠰᠠᠨ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠬᠠᠷᠢᠶᠠᠲᠤ ᠣᠷᠣᠨ ᠤ ᠡᠯ᠎ᠡ ᠠᠰᠠᠷ ᠤᠨ ᠵᠠᠮ ᠢᠶᠠᠷ ᠭᠦᠨᠵᠡᠭᠡᠶᠢᠷᠡᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ᠃
       ᠡᠨᠡ ᠤᠳᠠᠭᠠᠨ ᠤ ᠪᠠᠶᠢᠴᠠᠭᠠᠯᠲᠠ ᠶᠢᠨ ᠭᠤᠤᠯᠳᠠᠯᠭ᠎ᠠ ᠪᠣᠯ ᠣᠷᠣᠨ ᠰᠠᠭᠤᠴᠠ ᠶᠢᠨ ᠲᠣᠭᠤᠷᠢᠭ ᠲᠠᠬᠢ ᠰᠠᠭᠤᠭᠠᠯᠢ ᠠᠷᠠᠳ ᠴᠠᠬᠢᠯᠭᠠᠨ ᠤᠲᠠᠰᠤ ᠪᠠᠷ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠪᠣᠯᠤᠨ᠎ᠠ᠃ ᠪᠠᠰᠠ ᠭᠠᠯ ᠤᠨᠲᠠᠷᠠᠭᠠᠬᠤ ᠵᠠᠮ ᠨᠡᠪᠲᠡᠷᠡᠬᠦ ᠡᠰᠡᠬᠦ ᠶᠢ ᠪᠠᠶᠢᠴᠠᠭᠠᠵᠤ᠂ ᠰᠠᠭᠤᠭᠠᠯᠢ ᠠᠷᠠᠳ ᠤᠨ ᠠᠰᠠᠷ ᠤᠨ ᠲᠠᠷᠬᠠᠭᠠᠬᠤ ᠵᠠᠮ ᠢ ᠡᠵᠡᠯᠡᠨ ᠬᠡᠷᠡᠭᠯᠡᠭᠰᠡᠨ ᠡᠰᠡᠬᠦ᠂ ᠭᠠᠯ ᠤᠨᠲᠠᠷᠠᠭᠠᠬᠤ ᠲᠥᠬ ᠥᠭᠡᠷᠦᠮᠵᠢ ᠶᠢᠨ ᠤᠭᠰᠠᠷᠠᠨ ᠲᠣᠬᠢᠷᠠᠭᠤᠯᠤᠭᠰᠠᠨ ᠨᠢ ᠪᠦᠷᠢᠨ ᠡᠰᠡᠬᠦ᠂ ᠪᠠᠶᠢᠴᠠᠭᠠᠯᠲᠠ ᠪᠠᠷ ᠳᠠᠮᠵᠢᠨ ᠳᠥᠷᠪᠡᠳᠦᠭᠡᠷ ᠠᠰᠠᠷ ᠲᠤ ᠣᠨᠴᠠ ᠵᠠᠷᠢᠮ ᠠᠶᠢᠯ ᠴᠠᠬᠢᠯᠭᠠᠨ ᠤᠲᠠᠰᠤ ᠠᠪᠴᠤ ᠴᠠᠬᠢᠯᠭ ᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠭᠰᠡᠨ ᠢ ᠣᠯᠵᠤ ᠮᠡᠳᠡᠪᠡ᠃ ᠠᠵᠢᠯᠲᠠᠳ ᠳᠠᠷᠦ᠋ᠢᠬᠠᠨ ᠭᠡᠷ ᠲᠦᠨᠢ ᠬᠦᠷᠴᠦ ᠭᠠᠯ ᠰᠡᠷᠭᠡᠶᠢᠯᠡᠬᠦ ᠮᠡᠳᠡᠯᠭᠡ ᠶᠢ ᠬᠤᠷᠢᠭᠯᠠᠬᠤ ᠶᠢᠨ ᠬᠠᠮᠲᠤ ᠤᠬᠠᠭᠤᠯᠵᠤ᠂ ᠭᠠᠯ ᠤᠨ ᠠᠶᠤᠯ ᠠᠴᠠ ᠰᠠᠭᠤᠭᠠᠯᠢ ᠠᠷᠠᠳ ᠲᠤ ᠤᠴᠠᠷᠠᠭᠤᠯᠤᠭᠰᠠᠨ ᠴᠢᠬᠤᠯᠠ ᠪᠤᠰᠤ ᠠᠵᠤ ᠠᠬᠤᠶ ᠶᠢᠨ ᠬᠤᠬᠢᠷᠠᠯ ᠢ ᠬᠤᠷᠢᠭᠯᠠᠨ ᠵᠣᠭᠰᠣᠭᠠᠬᠤ ᠬᠡᠷᠡᠭᠲᠡᠶ᠃
 
ᠢᠷᠡᠯᠲᠡ᠄ ᠰᠢᠭᠤᠶᠢᠲᠤ ᠵᠡᠭᠡᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号