ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠤᠯᠢ ᠶᠣᠰᠣᠭᠠᠷ ᠭᠠᠶᠢᠯᠢ ᠶᠢ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠢ ᠰᠠᠶᠢᠰᠢᠶᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/3
ᠰᠢᠭᠤᠶᠢᠲᠣ ᠠᠯᠪᠠᠨ ᠲᠠᠷᠬᠠᠭᠠᠭᠰᠠᠨ ︵2020︶ 38 ᠳ᠋ᠤᠭᠠᠷ ᠲᠣᠭᠠᠲᠤ        ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄        《 ᠳᠣᠯᠣᠳᠤᠭᠠᠷ ᠲᠠᠪᠤᠨ ᠵᠢᠯ 》   ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠰᠢᠭᠤᠶᠢᠲᠤ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠤᠯᠢ ᠶᠣᠰᠣᠭᠠᠷ ᠭᠠᠶᠢᠯᠢ ᠶᠢ ᠵᠠᠰᠠᠬᠤ ᠪᠠᠷ ᠭᠤᠤᠯ ᠰᠢᠵᠢᠮ ᠪᠣᠯᠭᠠᠵᠤ᠂ ᠲᠥᠪᠯᠡᠷᠡᠩᠭᠦᠶ ᠴᠢᠨᠠᠷᠲᠠᠶ ᠤᠬᠠᠭᠤᠯᠭ᠎ᠠ ᠬᠢᠭᠡᠳ ᠡᠳᠦᠷ ᠲᠤᠲᠤᠮ ᠤᠨ ᠴᠢᠨᠠᠷᠲᠠᠶ ᠤᠬᠠᠭᠤᠯᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ 《 ᠭᠠᠶᠢᠯᠢ ᠶᠢᠨ ᠬᠠᠤᠯᠢ ᠶᠢ ᠨᠠᠶᠮᠠ ᠳᠤ ᠣᠷᠣᠭᠤᠯᠬᠤ 》 ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠳᠦᠷ ᠲᠤᠲᠤᠮ ᠤᠨ ᠬᠠᠤᠯᠢ ᠲᠦᠭᠡᠮᠡᠯᠵᠢᠭᠦᠯᠬᠦ ᠴᠢᠬᠤᠯᠠ 《 ᠲᠣᠭᠲᠠᠮᠠᠯ ᠵᠢᠭᠰᠠᠭᠠᠯ ᠤᠨ ᠭᠠᠵᠠᠷ 》 ᠪᠣᠯᠭᠠᠵᠤ᠂ ᠥᠷᠭᠡᠨ ᠣᠯᠠᠨ ᠪᠠᠶᠢᠭᠤᠯᠭ᠎ᠠ ᠶᠢᠨ ᠺᠠᠳ᠋ᠷ᠂ ᠭᠠᠶᠢᠯᠢ ᠲᠤᠰᠢᠶᠠᠭᠴᠢ ᠵᠢᠴᠢ ᠵᠠᠯᠠᠭᠤᠴᠤᠳ ᠪᠠᠭᠠᠴᠤᠳ ᠲᠤ ᠭᠠᠶᠢᠯᠢ ᠲᠠᠲᠠᠪᠤᠷᠢ ᠶᠢᠨ ᠲᠡᠦᠬᠡ ᠵᠢᠴᠢ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ ᠰᠢᠭᠤᠳ  ᠢᠶᠠᠷ ᠣᠶᠢᠯᠠᠭᠠᠭᠤᠯᠵᠤ᠂ ᠪᠤᠭᠤᠲᠤ ᠬᠤᠲᠠ ᠶᠢᠨ ᠬᠠᠤᠯᠢ ᠪᠠᠷ ᠵᠠᠰᠠᠬᠤ ᠪᠣᠯᠪᠠᠰᠤᠨ ᠤ ᠪᠠᠶᠢᠭᠤᠯᠤᠯᠲᠠ᠂ ᠭᠠᠶᠢᠯᠢ ᠶᠢᠨ ᠶᠠᠪᠤᠳᠠᠯ ᠤᠨ ᠰᠣᠶᠣᠯ ᠤᠨ ᠪᠠᠶᠢᠭᠤᠯᠤᠯᠲᠠ ᠳᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠡᠮᠡᠷᠢᠯᠡᠪᠡ᠃ ᠡᠭᠦᠨ ᠤ ᠬᠠᠮᠲᠤ᠂ ᠲᠠᠨ ᠤ ᠲᠣᠪᠴᠢᠶ᠎ᠠ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠢ ᠢᠳᠡᠪᠬᠢᠲᠡᠶ ᠠᠰᠢᠭᠯᠠᠨ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ 《 ᠢᠨᠲ᠋ᠧᠷ ᠰᠦᠯᠵᠢᠶ᠎ᠡ + ᠭᠠᠶᠢᠯᠢ ᠲᠠᠲᠠᠪᠤᠷᠢ ᠶᠢ ᠬᠠᠤᠯᠢ ᠪᠠᠷ ᠵᠠᠰᠠᠬᠤ 》   ᠶᠢᠨ ᠬᠦᠴᠦᠷᠬᠡᠭ ᠶᠡᠭᠡ ᠦᠶᠯᠡᠳᠦᠯ ᠢ ᠭᠦᠶᠴᠡᠳ ᠪᠠᠳᠠᠷᠠᠭᠤᠯᠤᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠸᠢᠳᠢᠣ᠋᠂ 《 ᠬᠠᠳᠠᠭᠠᠰᠤ ᠬᠠᠳᠠᠵᠤ ᠰᠢᠭᠤᠳ ᠨᠡᠪᠲᠡᠷᠡᠭᠦᠯᠬᠦ 》᠂ 《 ᠡᠭᠦᠯᠡᠨ ᠬᠢᠴᠢᠶᠡᠯ ᠤᠨ ᠲᠠᠩᠬᠢᠮ 》᠂ 《 ᠾᠢᠮᠠᠯᠠᠶ᠎ᠠ 》   ᠶᠢᠨ ᠲᠠᠭᠤᠨ ᠲᠠᠢ ᠤᠬᠠᠭᠤᠯᠤᠨ ᠲᠠᠶᠢᠯᠪᠤᠷᠢᠯᠠᠬᠤ ᠲᠠᠪᠴᠠᠩ ᠢ ᠨᠡᠭᠡᠭᠡᠬᠦ ᠵᠡᠷᠭᠡ ᠬᠡᠯᠪᠡᠷᠢ ᠶᠢ ᠠᠰᠢᠭᠯᠠᠨ ᠭᠠᠶᠢᠯᠢ ᠲᠤᠰᠢᠶᠠᠭᠴᠢ ᠪᠠ ᠭᠠᠶᠢᠯᠢ ᠶᠢᠨ ᠶᠠᠪᠤᠳᠠᠯ ᠤᠨ ᠺᠠᠳ᠋ᠷ  ᠲᠤ ᠭᠠᠶᠢᠯᠢ ᠶᠢᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠦᠨ ᠥᠭᠴᠡᠶ᠃ ᠡᠨᠡ ᠵᠢᠯ ᠪᠤᠭᠤᠲᠤ ᠬᠤᠲᠠ ᠶᠢᠨ ᠬᠠᠤᠯᠢ ᠪᠠᠷ ᠬᠤᠲᠠ ᠶᠢ ᠵᠠᠰᠠᠬᠤ ᠵᠥᠪᠯᠡᠯ ᠠᠴᠠ 《 ᠪᠤᠭᠤᠲᠤ ᠬᠤᠲᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ 》 ᠭᠡᠬᠦ ᠢᠷᠠᠭᠤ ᠠᠯᠳᠠᠷᠲᠤ ᠴᠣᠯᠠ ᠣᠯᠭᠤᠪᠠ᠂ ᠣᠨᠴᠠᠭᠠᠶᠢᠯᠠᠨ ᠵᠠᠷᠯᠠᠨ ᠰᠠᠶᠢᠰᠢᠶᠠᠪᠠ᠃        ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠲᠠᠨ ᠤ ᠲᠣᠪᠴᠢᠶ᠎ᠠ ᠲᠠᠰᠤᠷᠠᠯᠲᠠ ᠥᠬᠡᠶ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠰ ᠰᠢᠭᠤᠷᠬᠠᠶ  ᠪᠠᠷ ᠤᠷᠤᠭᠰᠢᠯᠠᠨ ᠳᠡᠪᠰᠢᠵᠦ᠂ 《 ᠳᠣᠯᠣᠳᠤᠭᠠᠷ ᠲᠠᠪᠤᠨ ᠵᠢᠯ 》   ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠳ᠋ᠦᠩᠨᠡᠯᠲᠡ ᠬᠢᠵᠦ ᠰᠢᠯᠭᠠᠨ ᠠᠪᠬᠤ ᠠᠵᠢᠯ ᠢᠶᠠᠷ ᠡᠬᠢᠯᠡᠯᠲᠡ ᠪᠣᠯᠭᠠᠵᠤ᠂ ᠦᠷᠭᠦᠯᠵᠢᠯᠡᠨ ᠯᠠᠪᠳᠠᠭᠤᠨ ᠪᠠᠲᠤᠲᠠᠶ ᠠᠵᠢᠯᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠤᠷᠰᠢᠯᠭ᠎ᠠ ᠪᠠᠨ ᠬᠢᠨᠠᠮᠠᠭᠠᠶ ᠳ᠋ᠦᠩᠨᠡᠵᠦ᠂ ᠰᠡᠳᠬᠢᠴᠡ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ 《 ᠭᠠᠶᠢᠯᠢ ᠶᠢᠨ ᠬᠠᠤᠯᠢ ᠶᠢ ᠨᠠᠶᠮᠠ ᠳᠤ ᠣᠷᠣᠭᠤᠯᠬᠤ 》 ᠠᠵᠢᠯᠯᠠᠭ᠎ᠠ ᠶᠢ ᠨᠠᠩ ᠢᠳᠡᠪᠬᠢᠲᠡᠶ ᠥᠷᠨᠢᠭᠦᠯᠵᠦ᠂ ᠪᠥᠬᠦ ᠬᠦᠴᠦᠨ ᠢᠶᠠᠷ ᠢᠶᠠᠨ ᠭᠠᠶᠢᠯᠢ ᠲᠠᠲᠠᠪᠤᠷᠢ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠭᠠᠶᠢᠯᠢ ᠶᠢᠨ ᠶᠠᠪᠤᠳᠠᠯ ᠤᠨ ᠲᠡᠮᠦᠷ ᠴᠡᠷᠢᠭ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ !ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 12 ᠰᠠᠷ᠎ᠠ ᠶᠢᠨ 3   ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号