ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/2/2
ᠰᠢᠭᠤᠶᠢᠲᠣ ᠠᠯᠪᠠᠨ ᠲᠠᠷᠬᠠᠭᠠᠭᠰᠠᠨ ︵2020︶ 4 ᠳ᠋ᠤᠭᠠᠷ ᠲᠣᠭᠠᠲᠤ        2020 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ᠂ ᠴᠠᠭ ᠠᠭᠤᠷ ᠤᠨ ᠨᠥᠬᠦᠴᠡᠯ ᠪᠣᠯᠤᠨ ᠬᠤᠸᠠᠷ ᠫᠤᠤᠵᠢᠩ ᠤᠨ ᠨᠥᠯᠥᠭᠡ ᠠᠴᠠ ᠪᠣᠯᠵᠣ᠂ ᠪᠤᠭᠤᠲᠤ ᠬᠤᠲᠠ ᠳᠤ ᠣᠯᠠᠨ ᠡᠳᠦᠷ ᠳᠠᠷᠠᠭᠠᠯᠠᠨ ᠬᠦᠨᠳᠦ ᠪᠣᠬᠢᠷᠲᠤᠯ ᠲᠠᠢ ᠴᠠᠭ ᠠᠭᠤᠷ ᠢᠯᠡᠷᠡᠪᠡ᠂ ᠣᠳᠣᠬᠠᠨ ᠳᠤ ᠦᠷᠭᠦᠯᠵᠢᠯᠡᠨ ᠲᠣᠭᠲᠠᠭᠤᠨ᠂ ᠰᠥᠷᠭᠡᠦ ᠳᠤᠯᠠᠭᠠᠨ᠂ ᠥᠨᠳᠥᠷ ᠴᠢᠭᠢᠭᠯᠢᠭ ᠠᠰᠢᠭ ᠥᠬᠡᠶ ᠴᠠᠭ ᠠᠭᠤᠷ ᠤᠨ ᠨᠥᠬᠦᠴᠡᠯ ᠪᠣᠯᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠬᠡᠴᠡᠭᠦᠦ ᠪᠠᠶᠢᠳᠠᠯ ᠢ ᠦᠨᠳᠦᠰᠦᠯᠡᠨ᠂ ᠠᠭᠠᠷ  ᠤᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠶᠢᠨ ᠲᠥᠯᠥᠭᠡ᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ 》 ᠪᠣᠯᠤᠨ 《 ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ 》 ( ᠲᠥᠷᠥ  ᠶᠢᠨ ᠶᠠᠪᠤᠳᠠᠯ ᠤᠨ ᠬᠤᠷᠢᠶᠠᠨ ᠤ ᠵᠠᠷᠯᠢᠭ 455 ᠳ᠋ᠤᠭᠠᠷ ᠲᠣᠭᠠᠲᠤ ) ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ᠂ ᠪᠤᠭᠤᠲᠤ ᠬᠤᠲᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠪᠡ᠃ 《 ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠪᠤᠭᠤᠲᠤ ᠬᠤᠲᠠ ᠶᠢᠨ ᠠᠷᠠᠳ  ᠤᠨ ᠵᠠᠰᠠᠭ ᠤᠨ ᠣᠷᠳᠣᠨ ᠤ ᠮᠡᠳᠡᠭᠳᠡᠯ 》 ( ᠪᠤᠭᠤᠲᠤ ᠠᠯᠪᠠᠨ ᠲᠠᠷᠬᠠᠭᠠᠭᠰᠠᠨ [ 2020 ] 2 ᠳ᠋ᠤᠭᠠᠷ ᠲᠣᠭᠠᠲᠤ ) ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠭᠤᠶᠢᠲᠤ ᠰᠢᠨ᠎ᠡ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤ ᠲᠣᠰ ᠡᠳᠦᠷ ᠠᠴᠠ ᠡᠬᠢᠯᠡᠨ ᠫᠤᠤᠵᠢᠩ ᠲᠠᠯᠪᠢᠬᠤ ᠶᠢ ᠴᠠᠭᠠᠵᠠᠯᠠᠨ᠎ᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠄        ᠨᠢᠭᠡ᠂ ᠰᠢᠭᠤᠶᠢᠲᠤ ᠲᠣᠭᠤᠷᠢᠭ ᠤᠨ ᠭᠤᠣᠯ ᠬᠤᠲᠠ ᠶᠢᠨ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠪᠠᠷ ᠪᠠᠷᠢᠮᠵᠢᠶ᠎ᠠ ᠪᠣᠯᠭᠠᠵᠤ᠂ ᠤᠮᠠᠷᠠᠰᠢ ᠪᠠᠨ ᠮᠠ ᠴᠠᠩ ᠪᠠᠭ᠎ᠠ ᠰᠤᠷᠭᠠᠭᠤᠯᠢ᠂ ᠡᠮᠦᠨᠡᠰᠢ  ᠪᠠᠨ ᠪᠤᠭᠤᠲᠤ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠵᠠᠭᠠᠭ ᠱᠤᠭᠤᠮ ᠤᠨ ᠵᠠᠭᠠᠭ᠂ ᠪᠠᠷᠠᠭᠤᠨᠰᠢ ᠪᠠᠨ ᠪᠦ᠋ᠦ ᠬᠦ ᠵᠠᠰᠠᠮᠠᠯ ᠵᠠᠮ ᠢᠶᠠᠷ ᠵᠠᠭᠠᠭ ᠪᠣᠯᠭᠠᠵᠤ᠂ ᠵᠡᠭᠦᠨᠰᠢ ᠪᠠᠨ ᠪᠦ᠋ᠦ ᠱᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ        ᠬᠤᠶᠠᠷ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠤ ᠳᠣᠲᠣᠷ᠎ᠠ᠂ ᠶᠠᠮᠠᠷᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠬᠤᠪᠢ ᠬᠥᠮᠦᠨ ᠶᠠᠮᠠᠷᠪᠠ ᠴᠠᠭ ᠲᠤ ᠴᠥᠮ ᠡᠯ᠎ᠡ ᠲᠥᠷᠥᠯ ᠤᠨ ᠬᠤᠸᠠᠷ ᠫᠤᠤᠵᠢᠩ ᠲᠠᠯᠪᠢᠵᠤ ᠪᠣᠯᠬᠤ ᠦᠭᠡᠶ᠃ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠵᠡᠷᠭᠡ ᠴᠢᠬᠤᠯᠠ ᠶᠡᠭᠡ ᠪᠠᠶᠠᠷ ᠤᠨ ᠡᠳᠦᠷ ᠤᠨ ᠠᠵᠢᠯᠯᠠᠭ᠎ᠠ ᠳᠤ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠵᠦ ᠪᠣᠯᠬᠤ ᠦᠭᠡᠶ᠃        ᠭᠤᠷᠪᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠣᠯ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠲᠣᠷᠭᠠᠭᠤᠯᠢ ᠣᠯᠭᠤᠨ᠎ᠠ ᠬᠤᠸᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠣᠮᠣ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠶᠢ ᠳᠤᠷ᠎ᠠ ᠪᠠᠷ ᠢᠶᠠᠨ ᠡᠷᠬᠢᠯᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠣᠭᠰᠣᠭᠠᠬᠤ ᠶᠢᠨ ᠬᠠᠮᠲᠤ ᠬᠠᠷᠢᠭᠤᠴᠠᠯᠭ᠎ᠠ ᠲᠠᠢ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠨᠠᠰᠤᠨ ᠳᠤ ᠦᠯᠦ ᠬᠦᠷᠦᠭᠰᠡᠳ ᠲᠤᠰ ᠲᠣᠭᠲᠠᠭᠠᠯ ᠢ ᠵᠥᠷᠢᠴᠡᠪᠡᠯ᠂ ᠲᠡᠭᠦᠨ ᠤ ᠬᠢᠨᠠᠨ ᠬᠠᠮᠠᠭᠠᠯᠠᠭᠴᠢ ᠨᠢ ᠬᠠᠤᠯᠢ ᠶᠣᠰᠣᠭᠠᠷ ᠬᠠᠷᠢᠭᠤᠴᠠᠯᠭ᠎ᠠ ᠡᠭᠦᠷᠭᠡᠯᠡᠨ᠎ᠡ᠃        ᠳᠥᠷᠪᠡ᠂ ᠪᠤᠭᠤᠲᠤ ᠬᠤᠲᠠ ᠶᠢᠨ ᠬᠤᠲᠠ ᠶᠢᠨ ᠬᠠᠮᠲᠤᠪᠠᠷ ᠲᠣᠬᠢᠷᠠᠭᠤᠯᠤᠨ ᠬᠦᠷᠭᠡᠬᠦ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠬᠤᠸᠠᠷ ᠫᠤᠤᠵᠢᠩ ᠰᠢᠲᠠᠭᠠᠬᠤ ᠶᠢ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠬᠤ᠂ ᠤᠬᠠᠭᠤᠯᠬᠤ ᠶᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ 《 ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ 》   ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠤᠳ ᠲᠣᠭᠤᠷᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠳᠬᠠᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ ᠲᠦᠶᠮᠡᠷ ᠰᠢᠲᠠᠭᠠᠬᠤ ᠶᠢ ᠴᠠᠭᠠᠵᠠᠯᠠᠬᠤ ᠡᠯ᠎ᠡ ᠵᠦᠶᠯ ᠤᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃        ᠲᠠᠪᠤ᠂ ᠥᠷᠭᠡᠨ ᠣᠯᠠᠨ ᠰᠠᠭᠤᠭᠠᠯᠢ ᠠᠷᠠᠳ ᠲᠤᠰ ᠵᠠᠷᠯᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠨᠡᠶᠢᠭᠡᠮ ᠤᠨ ᠡᠯ᠎ᠡ ᠡᠲᠡᠭᠡᠳ ᠵᠢᠴᠢ ᠰᠣᠨᠢᠨ ᠮᠡᠳᠡᠭᠡᠨ ᠤ ᠵᠠᠭᠤᠴᠢ ᠨᠤᠭᠤᠳ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠪᠠ ᠬᠢᠨᠠᠯᠲᠠ ᠪᠠᠨ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ  ᠪᠠᠨ ᠵᠢᠷᠤᠮᠯᠠᠭᠤᠯᠬᠤ ᠬᠡᠷᠡᠭᠲᠡᠶ᠂ ᠶᠠᠮᠠᠷᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠬᠤᠪᠢ ᠬᠥᠮᠦᠨ ᠴᠥᠮ ᠲᠤᠰ ᠵᠠᠷᠯᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠥᠯᠢᠭᠡᠷ ᠳᠠᠭᠤᠷᠢᠶᠠᠯ ᠪᠣᠯᠵᠣ᠂ ᠲᠦᠷᠦᠭᠦᠯᠡᠨ ᠬᠤᠸᠠᠷ ᠫᠤᠤᠵᠢᠩ ᠲᠠᠯᠪᠢᠬᠤ ᠥᠬᠡᠶ᠂ ᠲᠦᠳᠡᠭ ᠭᠠᠯ ᠨᠣᠴᠣᠭᠠᠬᠤ ᠥᠬᠡᠶ ᠪᠠᠶᠢᠵᠤ᠂ ᠡᠷᠬᠢᠨ ᠲᠣᠭᠤᠷᠢᠨ ᠤ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠠᠵᠢᠯ ᠢ ᠢᠳᠡᠪᠬᠢᠲᠡᠶ ᠴᠤᠤᠷᠢᠶᠠᠲᠤᠭᠤᠯᠵᠤ᠂ ᠪᠢᠳᠡ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠢ ᠬᠠᠮᠠᠭᠠᠯᠠᠬᠤ ᠢᠳᠡᠪᠬᠢ ᠬᠦᠴᠦᠨ ᠢ ᠨᠢᠭᠲᠠᠷᠠᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠭᠤᠶᠢᠲᠤ ᠲᠣᠭᠤᠷᠢᠭ ᠤᠨ ᠲᠩᠷᠢ ᠶᠢ ᠨᠠᠩ ᠴᠡᠯᠮᠡᠭ᠂ ᠠᠭᠠᠷ  ᠢ ᠨᠠᠩ ᠴᠡᠪᠡᠷ ᠪᠣᠯᠭᠠᠬᠤ ᠬᠡᠷᠡᠭᠲᠡᠶ᠃ᠣᠨᠴᠠᠭᠠᠶᠢᠯᠠᠨ ᠮᠡᠳᠡᠭᠳᠡᠪᠡ᠃ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 2 ᠰᠠᠷ᠎ᠠ ᠶᠢᠨ 2   ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号