ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 2 ᠰᠠᠷ᠎ᠠ ᠶᠢᠨ 3 ᠤ ᠡᠳᠦᠷ ᠤᠨ ᠮᠡᠳᠡᠭᠡ | ︵ᠰᠤᠷᠪᠤᠯᠵᠢᠯᠠᠭᠴᠢ ᠴᠢᠦ ᠴᠤᠤ ᠢ︶ 2 ᠰᠠᠷ᠎ᠠ ᠶᠢᠨ 3 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠳᠤᠮᠳᠠᠬᠢ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡ ᠶᠢᠨ ᠲᠤᠬᠠᠶ ᠲᠠᠶᠢᠯᠤᠮᠵᠢ ᠬᠢᠪᠠ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠣᠪᠴᠢᠶᠠᠨ ᠤ ᠳᠡᠳ᠋ ᠳᠠᠷᠤᠭ᠎ᠠ ᠸᠠᠩ ᠪᠢᠨ ᠲᠠᠨᠢᠯᠴᠠᠭᠤᠯᠬᠤ ᠳᠠᠭᠠᠨ᠂ ︽ᠪᠢᠳᠡ ᠲᠤᠰᠬᠠᠶ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠬᠢᠵᠢᠭ ᠤᠨ ᠲᠤᠬᠠᠢ ᠪᠠᠴᠢᠮ ᠰᠡᠳᠬᠢᠴᠡ ᠶᠢᠨ ᠬᠢᠮᠤᠷᠠᠯ ᠢ ᠨᠦᠯᠦᠬᠡᠯᠡᠨ ᠵᠢᠯᠣᠭᠤᠳᠬᠤ | ᠵᠠᠷᠴᠢᠮ ᠢ ᠨᠠᠶᠢᠷᠠᠭᠤᠯᠤᠨ ᠪᠢᠴᠢᠵᠦ᠂ ᠣᠯᠠᠨ ᠨᠡᠶᠢᠲᠡ ᠶᠢᠨ ᠰᠡᠳᠬᠢᠴᠡ ᠪᠠᠨ ᠥᠪᠡᠷ ᠢᠶᠠᠨ ᠲᠤᠬᠢᠷᠠᠭᠤᠯᠬᠤ ᠪᠠ ᠵᠢᠭᠠᠨ | ᠵᠢᠯᠣᠭᠤᠳᠬᠤ ᠵᠦᠭᠯᠡᠭᠦᠷ ᠢ ᠵᠤᠬᠢᠶᠠᠨ ᠭᠠᠷᠭᠠᠪᠠ᠃ ᠬᠢᠵᠢᠭ ᠢ ᠰᠡᠷᠭᠡᠶᠢᠯᠡᠨ ᠡᠵᠡᠮᠳᠡᠬᠦ ᠣᠨᠴᠠᠭᠠᠶ ᠴᠠᠭ ᠦᠶ᠎ᠡ ᠳᠤ᠂ | ᠣᠶᠤᠨᠴᠢ ᠪᠤᠰᠤᠳᠴᠢ ᠰᠡᠳᠬᠢᠴᠡ ᠲᠠᠢ ᠪᠠᠶᠢᠬᠤ ᠨᠢ ᠲᠦᠢᠯ ᠤᠨ ᠴᠢᠬᠤᠯᠠ ᠶᠤᠮ᠃ ᠣᠯᠠᠨ ᠢᠶᠠᠷ ᠢᠶᠠᠨ ᠨᠢᠭᠡ | ᠲᠠᠯ᠎ᠠ ᠪᠠᠷ ᠴᠢᠩᠭ᠎ᠠ ᠬᠦᠴᠦᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠤᠯᠬᠤ ᠶᠢ | ᠢᠲᠡᠭᠡᠬᠦ ᠬᠡᠷᠡᠭᠲᠡᠶ᠂ ᠨᠥᠭᠦᠭᠡ ᠲᠠᠯ᠎ᠠ ᠪᠠᠷ ᠪᠠᠰᠠ ᠥᠪᠡᠷ ᠢ ᠪᠠᠨ ᠢᠲᠡᠭᠡᠵᠦ᠂ ᠪᠠᠶᠠᠰᠤᠩᠭᠤᠶ ᠢᠲᠡᠭᠡᠯᠲᠡᠶ ᠳᠣᠲᠣᠭᠠᠳᠤ | ᠰᠡᠳᠬᠢᠯ ᠲᠠᠢ ᠪᠠᠶᠢᠬᠤ ᠨᠢ ᠪᠠᠰᠠ ᠴᠤ ᠨᠢᠭᠡ ᠵᠦᠢᠯ ᠤᠨ ᠡᠭᠡᠯᠢᠯᠡᠭᠡ ᠶᠢᠨ ᠴᠢᠳᠠᠪᠤᠷᠢ ᠮᠥᠨ︾ ᠬᠡᠪᠡ᠃ ᠪᠡᠭᠡᠵᠢᠩ ᠤᠨ | ᠬᠤᠢ ᠯᠦᠩ ᠭᠤᠸᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠠᠩ ᠹᠦ᠋ ᠳ᠋ᠧ ᠶᠢᠨ ᠦᠵᠡᠬᠦ ᠪᠠᠷ᠂ ᠬᠥᠮᠦᠰ ᠬᠢᠵᠢᠭ | ᠲᠡᠯᠭᠡᠷᠡᠬᠦ ᠳᠤ ᠵᠣᠪᠠᠨᠢᠬᠤ᠂ ᠰᠠᠨᠠᠭ᠎ᠠ ᠵᠣᠪᠠᠭ᠋ᠤ ᠵᠡᠷᠭᠡ ᠤᠷᠮ᠎ᠠ ᠰᠡᠳᠬᠢᠯᠭᠡ ᠲᠠᠢ ᠪᠤᠯᠳᠠᠭ᠂ ᠡᠨᠡ ᠨᠢ ᠬᠡᠪ ᠤᠨ | ᠲᠤᠰᠬᠠᠯ ᠳᠤ ᠲᠣᠭᠠᠴᠠᠭᠳᠠᠨ᠎ᠠ᠂ ᠡᠲᠡᠭᠡᠷ ᠤᠷᠮ᠎ᠠ ᠰᠡᠳᠬᠢᠯᠭᠡ ᠪᠠᠨ ᠦᠪᠡᠷ ᠢᠶᠠᠨ ᠭᠥᠯᠢᠶᠡᠨ ᠠᠪᠬᠤ ᠶᠢᠨ ᠵᠡᠷᠭᠡᠪᠡᠷ | ᠵᠣᠬᠢᠬᠤ ᠬᠡᠮᠵᠢᠶ᠎ᠡ ᠪᠠᠷ ᠭᠠᠷᠭᠠᠪᠠᠯ ᠵᠣᠬᠢᠨ᠎ᠠ ᠬᠡᠪᠡ᠃ | ᠬᠡᠷᠬᠢᠨ ᠠᠯᠢ ᠲᠦᠷᠭᠡᠨ ᠢᠶᠠᠷ ᠠᠮᠢᠳᠤᠷᠠᠯ ᠤᠨ ᠠᠷᠭ᠎ᠠ ᠮᠠᠶ᠋ᠢᠭ ᠢᠶᠠᠨ ᠰᠠᠶᠢᠲᠤᠷ ᠲᠣᠬᠢᠷᠠᠭᠤᠯᠬᠤ ᠪᠣᠶ︖ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠡᠳᠬᠢᠴᠡ ᠰᠤᠳᠤᠯᠬᠤ ᠭᠠᠵᠠᠷ ᠤᠨ ᠳᠡᠳ᠋ | ᠳᠠᠷᠤᠭ᠎ᠠ ᠴᠧᠨ ᠰᠢᠤᠸᠠᠢ ᠹᠧᠩ ︽ᠲᠠᠪᠤᠨ ᠨᠢᠭᠡ︾ ᠶᠢᠨ ᠰᠠᠨᠠᠭᠤᠯᠭ᠎ᠠ ᠶᠢ ᠳᠤᠷᠠᠳᠴᠠᠶ᠄ ᠨᠢᠭᠡ ᠲᠥᠯᠥᠪᠯᠡᠭᠡ | ᠲᠣᠭᠲᠠᠭᠠᠬᠤ᠂ ᠨᠢᠭᠡ ᠤᠴᠢᠷ ᠢ ᠰᠢᠮᠳᠠᠨ ᠰᠤᠳᠤᠯᠬᠤ᠂ ᠨᠢᠭᠡ ᠵᠦᠢᠯ ᠤᠨ ᠳᠡᠮᠵᠢᠯᠭᠡ ᠤᠯᠬᠤ᠂ ᠨᠢᠭᠡ ᠵᠦᠢᠯ ᠤᠨ | ᠪᠤᠯᠪᠠᠰᠤᠷᠠᠯ ᠬᠢᠬᠦ᠂ ᠵᠠᠷᠢᠮ ᠪᠡᠶᠠᠴᠢ ᠥᠩᠭᠡᠷᠡᠯᠲᠡ ᠪᠠᠨ ᠪᠣᠳᠣᠯᠬᠢᠯᠠᠬᠤ ᠵᠡᠷᠭᠡ ᠪᠣᠯᠤᠨ᠎ᠠ᠃ | ᠣᠳᠣᠬᠠᠨ ᠳᠤ ᠡᠮᠴᠢ ᠰᠤᠪᠢᠯᠠᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠡᠷᠭᠡ | ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠨ ᠤ ᠪᠡᠶ᠎ᠡ ᠰᠡᠳᠬᠢᠯ ᠤᠨ ᠳᠠᠷᠤᠯᠲᠠ ᠪᠦᠷ ᠨᠡᠯᠢᠶᠡᠳ ᠶᠡᠭᠡ | ᠪᠠᠶᠢᠨ᠎ᠠ᠂ ᠶᠠᠩ ᠹᠦ᠋ ᠳ᠋ᠧ ᠡᠳᠡᠭᠡᠷ ᠬᠥᠮᠦᠰ ᠲᠤ ᠪᠡᠶ᠎ᠡ ᠰᠡᠳᠬᠢᠯ ᠢᠶᠠᠨ ᠰᠠᠶᠢᠲᠤᠷ ᠲᠤᠬᠢᠷᠠᠭᠤᠯᠬᠤ ᠬᠡᠷᠡᠭᠲᠡᠶ ᠭᠡᠵᠦ | ᠰᠠᠨᠠᠭᠤᠯᠵᠠᠶ᠃ |