ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠳᠡ᠄ ᠠᠵᠢᠯ ᠤᠨ ᠪᠠᠶᠢᠷᠢ ᠳᠠᠭᠠᠨ ᠪᠤᠴᠠᠵᠤ ᠠᠵᠢᠯᠯᠠᠬᠤ ᠬᠥᠮᠦᠰ ᠰᠡᠷᠭᠡᠶᠢᠯᠡᠨ ᠬᠠᠮᠠᠭᠠᠯᠠᠯᠲᠠ ᠶᠢ ᠬᠡᠷᠬᠢᠨ ᠰᠠᠶᠢᠲᠤᠷ ᠬᠢᠬᠦ ᠪᠤᠢ︖
ᠨᠡᠶᠢᠲᠡᠯᠡᠭᠰᠡᠨ ᠴᠠᠭ᠄
2020-03-10
        ᠠᠵᠢᠯᠯᠠᠬᠤ ᠬᠤᠭᠤᠴᠠᠭᠠᠨ ᠳᠠᠭᠠᠨ᠂ ᠴᠢᠭᠵᠢᠬᠦᠦ ᠣᠷᠣᠨ ᠵᠠᠶ ᠳᠤ ᠴᠤᠭᠯᠠᠷᠠᠬᠤ ᠶᠢ ᠪᠠᠭᠠᠰᠬᠠᠬᠤ ᠬᠡᠷᠡᠭᠳᠡᠢ᠂ ᠪᠣᠳᠠᠲᠠᠶ ᠠᠷᠭ᠎ᠠ ᠬᠡᠪᠡᠯ᠂ ᠳ᠋ᠢᠶᠠᠩᠬᠤᠸᠠ ᠪᠤᠶᠤ ᠰᠦᠯᠵᠢᠶᠡᠨ ᠤ ᠬᠤᠷᠠᠯ ᠬᠢᠬᠦ ᠪᠠᠷ ᠨᠢᠭᠤᠷᠳᠠᠨ ᠰᠠᠭᠤᠵᠤ ᠬᠤᠷᠠᠯ ᠬᠢᠬᠦ ᠶᠢ ᠣᠷᠣᠯᠠᠭᠤᠯᠵᠤ᠂ ᠴᠢᠬᠤᠯᠠ ᠪᠤᠰᠤ ᠪᠦᠯᠬᠦᠮ ᠨᠡᠶᠢᠳᠡ ᠶᠢᠨ ᠠᠵᠢᠯᠯᠠᠭ᠎ᠠ ᠶᠢ ᠬᠤᠶᠢᠰᠢᠯᠠᠭᠤᠯᠵᠤ᠂ ᠠᠳᠠᠯᠢ ᠴᠠᠭ ᠲᠤ  ᠠᠵᠢᠯᠯᠠᠳᠠᠭ ᠭᠠᠵᠠᠷ ᠤᠨ ᠬᠥᠮᠦᠨ ᠤ ᠲᠤᠭ᠎ᠠ ᠵᠡᠷᠭᠡ ᠶᠢ ᠬᠢᠵᠠᠭᠠᠷᠯᠠᠬᠤ ᠬᠡᠷᠡᠭᠳᠡᠢ︔ ᠠᠵᠢᠯᠯᠠᠬᠤ ᠭᠠᠵᠠᠷ ᠢᠶᠠᠨ ᠦᠷᠭᠦᠯᠵᠢ ᠴᠡᠪᠡᠷᠯᠡᠨ ᠠᠷᠢᠭᠤᠳᠬᠠᠵᠦ᠂ ᠣᠨᠴᠠᠭᠠᠶᠢᠯᠠᠨ ᠡᠭᠦᠳᠡᠨ ᠪᠠᠷᠢᠭᠤᠯ᠂ ᠳ᠋ᠢᠶᠠᠩᠬᠤᠸᠠ᠂ ᠳᠠᠷᠤᠭᠤᠯ ᠤᠨ ᠲᠠᠪᠠᠭ᠂ ᠴᠠᠬᠢᠯᠭᠠᠨ ᠱᠠᠲᠤ ᠶᠢᠨ ᠳᠠᠷᠤᠪᠴᠢ᠂ ᠲᠣᠭᠤᠭᠠᠨ ᠭᠡᠷ᠂ ᠤᠰᠤᠨ ᠭᠡᠷ ᠪᠠ ᠭᠠᠷ ᠤᠬᠢᠶᠠᠬᠤ ᠥᠷᠥᠭᠡ ᠶᠢ ᠴᠡᠪᠡᠷᠯᠡᠨ  ᠠᠷᠢᠭᠤᠳᠬᠠᠬᠤ  ᠬᠡᠷᠡᠭᠳᠡᠢ︔ ᠪᠤᠰᠤᠳ ᠬᠥᠮᠦᠨ ᠲᠠᠢ ᠮᠡᠨᠳᠦᠴᠢᠯᠡᠬᠦ ᠳᠡᠭᠡᠨ ᠪᠡᠶ᠎ᠡ ᠪᠠᠷ ᠢᠶᠠᠨ ᠬᠦᠷᠦᠯᠴᠡᠬᠦ ᠠᠴᠠ ᠵᠠᠶᠢᠯᠠᠰᠬᠢᠵᠦ᠂ ᠭᠠᠷ ᠠᠳᠬᠤᠬᠰᠠᠨ ᠤ ᠬᠡᠷᠡᠭ ᠦᠭᠡᠢ︔ ᠬᠠᠮᠲᠤ ᠠᠵᠢᠯᠯᠠᠭᠴᠢ ᠪᠠ ᠵᠣᠴᠢᠨ ᠡᠷᠦᠬᠡ ᠲᠠᠢ ᠶᠠᠷᠢᠯᠴᠠᠬᠤ ᠦᠶ᠎ᠡ ᠳᠤ ᠨᠢᠭᠡ ᠮᠧᠲᠷ ᠤᠨ ᠵᠠᠶ ᠲᠠᠢ ᠪᠠᠶᠢᠬᠤ  ᠬᠡᠷᠡᠭᠳᠡᠢ︔ ᠰᠠᠪᠤᠩ ᠪᠠ ᠤᠰᠤ ᠪᠤᠶᠤ ᠰᠫᠢᠷᠲ ᠠᠭᠤᠯᠤᠭᠰᠠᠨ ᠤᠰᠤ ᠬᠡᠷᠡᠭᠯᠡᠬᠦ ᠦᠭᠡᠢ ᠭᠠᠷ ᠤᠬᠢᠶᠠᠬᠤ ᠰᠢᠩᠭᠡᠨ ᠢᠶᠠᠷ ᠭᠠᠷ ᠢᠶᠠᠨ ᠦᠷᠭᠦᠯᠵᠢ ᠤᠬᠢᠶᠠᠬᠤ ᠬᠡᠷᠡᠭᠳᠡᠢ︔ ᠬᠠᠨᠢᠶᠠᠬᠤ ᠪᠤᠶᠤ ᠨᠠᠶᠢᠲᠠᠭᠠᠬᠤ ᠦᠶ᠎ᠡ ᠳᠤ ᠵᠥᠪ ᠬᠠᠯᠬᠠᠯᠠᠬᠤ ᠠᠷᠭ᠎ᠠ ᠠᠪᠬᠤ ᠶᠢ ᠠᠩᠬᠠᠷᠬᠤ ᠬᠡᠷᠡᠭᠲᠡᠢ᠃         ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠢᠨ᠂ ᠠᠮᠠᠪᠴᠢ ᠲᠤᠳᠠᠬᠳᠠᠬᠤ ᠳᠤ ᠬᠦᠷᠪᠡᠯ᠂ ᠬᠠᠮᠤᠭ ᠤᠨ ᠴᠢᠬᠤᠯᠠ ᠲᠠᠢ ᠦᠶ᠎ᠡ ᠳᠤ ᠬᠡᠷᠡᠭᠯᠡᠬᠦ ᠬᠡᠷᠡᠭᠳᠡᠢ᠂ ᠵᠢᠱᠢᠶᠡᠯᠡᠪᠡᠯ ᠨᠡᠶᠢᠲᠡ ᠶᠢᠨ ᠮᠠᠰᠢᠨ ᠲᠡᠷᠭᠡ ᠭᠠᠵᠠᠷ ᠳᠣᠤᠷᠠᠬᠢ ᠲᠡᠮᠦᠷ ᠵᠠᠮ ᠤᠨ ᠸᠠᠭᠤᠨ᠂ ᠴᠠᠬᠢᠯᠭᠠᠨ ᠱᠠᠲᠤ ᠵᠡᠷᠭᠡ ᠬᠥᠮᠦᠨ ᠨᠢᠬᠳᠠᠷᠠᠬᠰᠠᠨ ᠪᠢᠲᠡᠭᠦᠦ ᠣᠷᠣᠨ ᠵᠠᠶ ᠳᠤ  ᠬᠡᠷᠡᠭᠯᠡᠬᠦ ᠬᠡᠷᠡᠭᠳᠡᠢ᠃ ᠠᠮᠠᠪᠴᠢ ᠵᠡᠭᠦᠬᠦ ᠠᠴᠠ ᠪᠠᠨ ᠡᠮᠦᠨ᠎ᠡ ᠬᠤᠶᠢᠨ᠎ᠠ ᠭᠠᠷ ᠢᠶᠠᠨ ᠤᠬᠢᠶᠠᠬᠤ ᠶᠢ ᠠᠩᠬᠠᠷᠬᠤ ᠬᠡᠷᠡᠭᠲᠡᠶ ᠪᠥᠭᠡᠳ ᠠᠮᠠᠪᠴᠢ ᠵᠡᠭᠦᠬᠦ ᠳᠡᠭᠡᠨ ᠭᠠᠷ ᠢᠶᠠᠷ ᠢᠶᠠᠨ  ᠠᠮᠠᠪᠴᠢ ᠪᠠᠨ ᠪᠠᠷᠢᠬᠤ ᠶᠢ ᠬᠢᠴᠢᠶᠡᠬᠦ ᠬᠡᠷᠡᠭᠲᠡᠶ᠃ ᠪᠡᠭᠡᠯᠡᠶ ᠵᠡᠭᠦᠬᠦ ᠨᠢ ᠭᠠᠷ ᠢᠶᠠᠨ ᠪᠠᠶᠢᠡᠭᠭᠤ ᠰᠠᠶᠢᠨ ᠤᠬᠢᠶᠠᠬᠤ ᠶᠢ ᠬᠦᠷᠬᠦ ᠦᠭᠡᠢ᠃ ᠪᠡᠭᠡᠯᠡᠶ ᠵᠡᠭᠦᠬᠦ ᠨᠢ ᠬᠥᠮᠦᠰ ᠲᠤ ᠨᠢᠭᠡ  ᠵᠦᠢᠯ ᠤᠨ ᠠᠮᠤᠷ ᠲᠦᠪᠰᠢᠨ ᠬᠡᠳᠡᠭ ᠪᠤᠷᠤᠭᠤ ᠲᠥᠷᠥᠭᠳᠡᠯ ᠥᠭᠬᠦ ᠶᠢᠨ ᠤᠯᠠᠮ ᠢᠶᠠᠷ ᠸᠢᠷᠦ᠋ᠰ ᠲᠠᠢ ᠣᠶᠢᠷᠠᠳᠬᠤ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ ᠵᠢᠱᠢᠶᠡᠯᠡᠪᠡᠯ᠂ ᠪᠣᠬᠢᠷᠲᠤᠭᠰᠠᠨ ᠭᠠᠵᠠᠷ ᠲᠠᠢ ᠬᠦᠷᠦᠯᠴᠡᠭᠰᠡᠨ ᠤ ᠳᠠᠷᠠᠭ᠎ᠠ ᠲᠠᠬᠢᠨ ᠪᠡᠭᠡᠯᠡᠶ ᠵᠡᠭᠦᠭᠰᠡᠨ ᠭᠠᠷ ᠢᠶᠠᠷ ᠢᠶᠠᠨ ᠥᠪᠡᠷ ᠤᠨ ᠬᠠᠴᠠᠷ ᠢᠶᠠᠨ ᠲᠡᠮᠲᠡᠷᠢᠵᠦ ᠪᠠᠶᠢᠳᠠᠭ᠃ ᠬᠡᠷᠪᠡ ᠦᠨᠡᠨᠬᠦ ᠬᠠᠮᠠᠭᠠᠯᠠᠬᠤ ᠦᠢᠯᠡᠳᠦᠯ ᠲᠠᠢ ᠪᠤᠯᠭᠠᠶ᠎ᠠ ᠭᠡᠪᠡᠯ᠂ ᠪᠡᠭᠡᠯᠡᠢ ᠪᠠᠨ ᠡᠷᠬᠡᠪᠰᠢ ᠨᠢᠭᠡ ᠯᠡ ᠤᠳᠠᠭ᠎ᠠ ᠬᠡᠷᠡᠭᠯᠡᠬᠦ ᠪᠤᠶᠤ ᠵᠣᠬᠢᠰᠲᠠᠢ ᠪᠠᠷ ᠤᠬᠢᠶᠠᠨ ᠴᠡᠪᠡᠷᠯᠡᠵᠦ᠂ ᠬᠠᠭᠤᠷᠠᠢ ᠪᠠᠶᠢᠯᠭᠠᠬᠤ  ᠬᠡᠷᠡᠭᠲᠡᠢ᠃ ᠣᠯᠠᠨ ᠨᠡᠶᠢᠲᠡ ᠳᠤ ᠠᠪᠴᠤ ᠬᠡᠯᠡᠪᠡᠯ᠂ ᠪᠡᠭᠡᠯᠡᠶ ᠵᠡᠭᠦᠬᠦ ᠶᠢ ᠪᠤᠳᠤᠪᠠᠯ᠂ ᠰᠠᠪᠤᠩ ᠪᠠ ᠤᠰᠤ ᠪᠤᠶᠤ ᠰᠫᠢᠷᠲ ᠠᠭᠤᠯᠤᠭᠰᠠᠨ ᠤᠰᠤ ᠬᠡᠷᠡᠭᠯᠡᠬᠦ ᠦᠭᠡᠢ ᠭᠠᠷ ᠤᠬᠢᠶᠠᠬᠤ ᠰᠢᠩᠭᠡᠨ ᠢᠶᠠᠷ ᠦᠷᠬᠦᠯᠵᠢ ᠭᠠᠷ ᠤᠬᠢᠶᠠᠪᠡᠯ ᠨᠠᠩ ᠬᠡᠷᠡᠭᠴᠡᠭᠡᠲᠡᠶ ᠮᠦᠷᠳᠡᠭᠡᠨ ᠨᠡᠩ ᠲᠤᠰᠠᠳᠠᠢ ᠶᠤᠮ ᠬᠡᠵᠦ ᠬᠡᠯᠡᠪᠡ᠃         ᠠᠵᠢᠯ ᠠᠴᠠ ᠪᠠᠨ ᠪᠠᠭᠤᠭᠠᠳ ᠭᠡᠷ ᠲᠡᠭᠡᠨ ᠬᠠᠷᠢᠭᠰᠠᠨ ᠤ ᠳᠠᠷᠠᠭ᠎ᠠ᠂ ᠤᠷᠢᠳᠡᠪᠡᠷ ᠭᠠᠷ ᠢᠶᠠᠨ ᠤᠬᠢᠶᠠᠭᠠᠳ ᠳᠠᠬᠢᠨ ᠭᠡᠷ ᠤᠨ ᠬᠥᠮᠦᠰ ᠲᠠᠢ ᠪᠠᠨ ᠬᠠᠷᠢᠯᠴᠠᠬᠤ ᠶᠢ  ᠪᠢᠲᠡᠭᠡᠶ ᠮᠠᠷᠲᠠᠭᠠᠷᠠᠢ᠃ ᠡᠭᠦᠨ ᠠᠴᠠ ᠭᠠᠳᠠᠨ᠎ᠠ᠂ ᠬᠡᠷ ᠤᠨ ᠢᠶᠠᠨ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ ᠨᠢ ᠲᠦᠢᠯ ᠤᠨ ᠴᠢᠬᠤᠯᠠ ᠶᠤᠮ᠂ ᠠᠩᠬᠠᠷᠤᠭᠤᠰᠢᠳᠠᠢ ᠵᠦᠢᠯᠡᠰ ᠬᠡᠪᠡᠯ᠂ ᠴᠣᠩᠬᠤ ᠪᠠᠨ ᠢᠯᠡᠭᠦᠬᠡᠨ ᠨᠡᠭᠡᠭᠡᠵᠦ ᠰᠠᠯᠬᠢ ᠵᠢᠪᠡᠷ ᠨᠡᠪᠲᠡᠷᠡᠭᠦᠯᠬᠦ ᠬᠡᠷᠡᠭᠲᠡᠶ᠃ ᠣᠷᠣᠨ ᠰᠠᠭᠤᠴᠠ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠬᠦ ᠬᠡᠷᠡᠭᠳᠡᠢ᠂ ᠣᠨᠴᠠᠭᠠᠶᠢᠯᠠᠨ ᠲᠣᠭᠤᠭᠠᠨ ᠭᠡᠷ ᠪᠠ ᠡᠷᠡᠭᠦᠯ ᠬᠠᠮᠠᠭᠠᠯᠠᠯ ᠤᠨ ᠦᠷᠦᠭᠡ ᠶᠢᠨ ᠬᠡᠷᠡᠭᠰᠡᠯ ᠪᠠ ᠶᠠᠭᠤᠮᠠᠰ ᠤᠨ ᠭᠠᠳᠠᠷᠭᠤ ᠶᠢ ᠴᠡᠪᠡᠷᠯᠡᠬᠦ ᠬᠡᠷᠡᠭᠳᠡᠢ︔ ᠬᠡᠦᠬᠡᠳ ᠤᠨ ᠢᠶᠠᠨ  ᠲᠣᠭᠯᠠᠭᠠᠮ ᠢ  ᠦᠷᠬᠦᠯᠵᠢ  ᠴᠡᠪᠡᠷᠯᠡᠬᠦ  ᠬᠡᠷᠡᠭᠳᠡᠢ︔  ᠬᠡᠷᠡᠭᠯᠡᠵᠦ ᠥᠩᠭᠡᠷᠡᠭᠰᠡᠨ ᠴᠠᠭᠠᠰᠤ ᠵᠡᠷᠭᠡ ᠪᠠᠨ ᠲᠡᠷᠡ ᠲᠤᠤᠷ᠎ᠠ ᠨᠢ ᠬᠠᠶᠠᠬᠤ ᠬᠡᠷᠡᠭᠳᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号