ᠲᠦᠷᠭᠡᠨ ᠬᠦᠷᠭᠡᠯᠳᠡ ᠶᠢᠨ ᠪᠤᠭᠤᠳᠠᠯ ᠢ ᠠᠪᠬᠤ ᠳᠤ ᠡᠨᠡ ᠬᠡᠳᠦᠨ ᠲᠠᠯ᠎ᠠ ᠶᠢ ᠠᠩᠬᠠᠷᠬᠤ ᠬᠡᠷᠡᠭᠳᠡᠢ
ᠨᠡᠶᠢᠲᠡᠯᠡᠭᠰᠡᠨ ᠴᠠᠭ᠄
2020-03-10
       ᠠᠰᠠᠭᠤᠯᠳᠠ᠄ ᠲᠦᠷᠭᠡᠨ ᠬᠦᠷᠭᠡᠯᠳᠡ ᠨᠢ ᠰᠢᠨ᠎ᠠ ᠲᠢᠳᠢᠮᠯᠢᠭ ᠠᠭᠤᠰᠬᠢᠨ  ᠦᠷᠪᠢᠰᠦᠯ ᠤᠨ  ᠸᠢᠷᠦ᠋ᠰ ᠢ  ᠲᠠᠷᠬᠠᠭᠠᠨ᠎ᠠ ᠦᠦ︖ ᠲᠦᠷᠭᠡᠨ ᠬᠦᠷᠭᠡᠯᠳᠡ ᠶᠢᠨ ᠪᠤᠭᠤᠳᠠᠯ ᠢ ᠠᠪᠬᠤ ᠳᠤ ᠶᠠᠮᠠᠷ ᠠᠩᠬᠠᠷᠬᠤ ᠵᠦᠢᠯ ᠪᠠᠶᠢᠬᠤ ᠪᠤᠢ︖        ᠬᠠᠷᠢᠭᠤᠯᠳᠠ᠄ ᠤᠳᠤᠬᠠᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠲᠤᠬᠠᠢ ᠳᠠᠨᠢᠨ ᠮᠡᠳᠡᠭᠰᠡᠨ ᠢ ᠦᠨᠳᠦᠰᠦᠯᠡᠪᠡᠯ᠂ ᠲᠡᠭᠦᠨ ᠤ ᠭᠤᠤᠯ ᠬᠠᠯᠳᠠᠪᠤᠷᠢᠯᠠᠬᠤ  ᠠᠷᠭ᠎ᠠ ᠵᠠᠮ ᠨᠢ ᠠᠮᠢᠰᠬᠤᠯ ᠤᠨ ᠵᠠᠮ ᠤᠨ ᠦᠰᠦᠷᠳᠡᠰᠦ ᠪᠠ ᠬᠦᠷᠦᠯᠴᠡᠬᠦ ᠠᠴᠠ ᠲᠠᠷᠬᠠᠳᠠᠭ᠃ ᠶᠡᠷᠦ ᠶᠢᠨ ᠪᠠᠶᠢᠳᠠᠯ ᠲᠤᠤᠷ᠎ᠠ᠂ ᠲᠦᠷᠭᠡᠨ ᠬᠦᠷᠭᠡᠯᠳᠡ ᠶᠢᠨ ᠪᠤᠭᠤᠳᠠᠯ ᠢ  ᠲᠡᠭᠡᠭᠡᠪᠤᠷᠢᠯᠡᠬᠦ ᠶᠠᠪᠤᠴᠠ ᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠲᠤ ᠪᠤᠬᠢᠷᠳᠤᠭᠳᠠᠬᠤ ᠪᠤᠯᠤᠯᠴᠠᠭ᠎ᠠ ᠪᠠᠭ᠎ᠠ ᠪᠠᠶᠢᠳᠠᠭ᠃ᠤᠳᠤᠬᠠᠨ ᠳᠤ ᠲᠦᠷᠭᠡᠨ ᠬᠦᠷᠭᠡᠯᠳᠡ ᠶᠢ ᠬᠦᠯᠢᠶᠡᠨ ᠠᠪᠤᠭᠰᠠᠨ ᠠᠴᠠ ᠪᠤᠯᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠭᠰᠠᠨ ᠲᠤᠬᠠᠢ ᠮᠡᠳᠡᠭᠡᠯᠡᠯ ᠬᠠᠷᠠᠬᠠᠨ ᠭᠠᠷᠤᠭ᠎ᠠ ᠦᠭᠡᠢ᠃  ᠰᠢᠨ᠎ᠠ  ᠲᠢᠳᠢᠮᠯᠢᠭ ᠠᠭᠤᠰᠬᠢᠨ ᠦᠷᠪᠢᠰᠦᠯ ᠤᠨ ᠲᠠᠷᠬᠠᠭᠰᠠᠨ ᠭᠠᠵᠠᠷ ᠤᠷᠤᠨ ᠳᠤ᠂ ᠬᠦᠷᠦᠯᠴᠡᠵᠦ ᠲᠠᠷᠬᠠᠬᠤ ᠠᠶᠤᠯ ᠲᠦᠭᠰᠢᠭᠦᠷᠢ ᠠᠴᠠ ᠵᠠᠶᠢᠯᠠᠰᠬᠢᠬᠦ ᠶᠢᠨ ᠲᠤᠰᠠᠳᠠ᠂ ᠲᠤᠤᠷᠠᠬᠢ ᠮᠡᠳᠦ ᠰᠡᠷᠭᠡᠶᠢᠯᠡᠬᠦ ᠠᠷᠭ᠎ᠠ ᠬᠡᠮᠵᠢᠶ᠎ᠠ ᠠᠪᠤᠪᠠᠯ ᠵᠤᠬᠢᠨ᠎ᠠ᠃        1. ᠲᠦᠷᠭᠡᠨ ᠬᠦᠷᠭᠡᠭᠴᠢ ᠠᠴᠠ ᠲᠦᠷᠭᠡᠨ ᠬᠦᠷᠭᠡᠯᠳᠡ ᠶᠢᠨ ᠪᠤᠭᠤᠳᠠᠯ ᠢ ᠰᠢᠢᠳᠪᠦᠷᠢᠯᠡᠬᠦ ᠪᠠ ᠲᠡᠭᠡᠭᠡᠪᠦᠷᠢᠯᠡᠨ ᠬᠦᠷᠭᠡᠬᠦ ᠪᠦᠬᠦ ᠶᠠᠪᠤᠴᠠ ᠳᠤ ᠠᠮᠠᠪᠴᠢ ᠪᠠ ᠪᠡᠭᠡᠯᠡᠢ ᠪᠠᠨ ᠰᠠᠶᠢᠳᠤᠷ ᠵᠡᠭᠦᠭᠦ ᠬᠡᠷᠡᠭᠳᠡᠢ᠂ ᠪᠤᠭᠤᠳᠠᠯ ᠢ ᠠᠷᠢᠭᠤᠨ ᠴᠡᠪᠡᠷ ᠪᠠᠶᠢᠯᠭᠠᠬᠤ ᠶᠢ ᠠᠩᠬᠠᠷᠴᠤ᠂ ᠢᠯᠠᠩᠭᠤᠶ᠎ᠠ ᠪᠤᠭᠤᠳᠠᠯ ᠢ ᠰᠢᠢᠳᠪᠦᠷᠢᠯᠡᠬᠦ ᠪᠠ ᠲᠡᠭᠡᠭᠡᠪᠦᠷᠢᠯᠡᠬᠦ ᠶᠠᠪᠤᠴᠠ ᠳᠤ ᠬᠦᠮᠦᠰ ᠤᠨ  ᠠᠮᠢᠰᠬᠤᠯ ᠤᠨ ᠵᠠᠮ ᠤᠨ ᠰᠢᠭᠦᠷᠡᠭᠦᠯᠬᠦ ᠪᠤᠳᠠᠰ ᠦᠩᠭᠡᠨ ᠲᠠᠯ᠎ᠠ ᠶᠢ ᠪᠤᠬᠢᠷᠳᠤᠭᠤᠯᠬᠤ ᠠᠴᠠ ᠵᠠᠶᠢᠯᠠᠰᠬᠢᠬᠦ ᠬᠡᠷᠡᠭᠳᠡᠢ᠃        2. ᠪᠤᠭᠤᠳᠠᠯ ᠢ ᠬᠦᠯᠢᠶᠡᠨ ᠠᠪᠤᠭᠴᠢ ᠨᠢ ᠭᠡᠷ ᠲᠡᠭᠡᠨ ᠲᠦᠷᠭᠡᠨ ᠬᠦᠷᠭᠡᠯᠳᠡ ᠶᠢ ᠲᠤᠰᠬᠤ ᠦᠶᠡᠰ᠂ ᠲᠦᠷᠭᠡᠨ ᠬᠦᠷᠭᠡᠭᠴᠢ ᠲᠠᠢ ᠬᠦᠷᠦᠯᠴᠡᠬᠦ ᠠᠴᠠ ᠡᠮᠦᠨ᠎ᠠ᠂ ᠠᠮᠠᠪᠴᠢ ᠪᠠ ᠪᠡᠭᠡᠯᠡᠢ ᠵᠡᠭᠦᠪᠡᠯ ᠬᠠᠮᠤᠭ ᠰᠠᠶᠢᠨ᠃ ᠪᠤᠭᠤᠳᠠᠯ ᠢᠶᠠᠨ ᠰᠢᠢᠳᠪᠦᠷᠢᠯᠡᠵᠦ ᠪᠠᠷᠠᠭᠰᠠᠨ ᠤ ᠲᠠᠷᠠᠭ᠎ᠠ᠂ ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ  ᠰᠢᠩᠭᠡᠨ ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃        3. ᠪᠤᠭᠤᠳᠠᠯ ᠢ ᠬᠦᠯᠢᠶᠡᠨ ᠠᠪᠤᠭᠴᠢ ᠨᠢ ᠰᠠᠭᠤᠭᠠᠯᠢ ᠲᠤᠭᠤᠷᠢᠭ ᠤᠨ ᠢᠶᠠᠨ ᠡᠭᠦᠳᠡᠨ ᠠᠴᠠ ᠲᠦᠷᠭᠡᠨ ᠬᠦᠷᠭᠡᠯᠳᠡ ᠶᠢ ᠲᠤᠰᠬᠤ ᠦᠶᠡᠰ᠂ ᠭᠡᠷ ᠠᠴᠠ ᠪᠠᠨ ᠭᠠᠷᠬᠤ ᠠᠴᠠ ᠡᠮᠦᠨ᠎ᠠ ᠠᠮᠠᠪᠴᠢ ᠪᠤᠯᠤᠨ ᠪᠡᠭᠡᠯᠡᠢ ᠪᠠᠨ ᠰᠠᠶᠢᠳᠤᠷ ᠵᠡᠭᠦᠵᠦ᠂ ᠬᠦᠮᠦᠨ ᠤ ᠴᠤᠭᠯᠠᠭᠠᠨ ᠠᠴᠠ ᠵᠠᠶᠢᠯᠠᠰᠬᠢᠨ᠎ᠠ᠃ ᠪᠤᠭᠤᠳᠠᠯ ᠢᠶᠠᠨ ᠰᠢᠢᠳᠪᠦᠷᠢᠯᠡᠵᠦ ᠲᠠᠭᠤᠰᠤᠭᠰᠠᠨ ᠤ ᠲᠠᠷᠠᠭ᠎ᠠ ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ ᠰᠢᠩᠭᠡᠨ ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃        4. ᠨᠦᠭᠦᠴᠡᠯ ᠲᠠᠢ ᠭᠠᠵᠠᠷ ᠤᠷᠤᠨ ᠨᠢ ᠲᠦᠷᠭᠡᠨ ᠬᠦᠷᠭᠡᠭᠴᠢ ᠪᠠᠷ ᠡᠳ᠋  ᠪᠠᠷᠠᠭ᠎ᠠ ᠪᠠᠨ  ᠲᠦᠷᠭᠡᠨ  ᠬᠦᠷᠭᠡᠯᠳᠡ ᠶᠢᠨ ᠬᠤᠷᠭᠤ ᠳᠤ ᠬᠠᠳᠠᠭᠠᠯᠠᠭᠤᠯᠵᠤ᠂ ᠪᠠᠷᠠᠭ᠎ᠠ ᠭᠠᠷᠭᠠᠨ ᠠᠪᠤᠭᠴᠢ ᠨᠢ ᠭᠠᠳᠠᠭᠰᠢ ᠭᠠᠷᠴᠤ ᠲᠦᠷᠭᠡᠨ ᠬᠦᠷᠭᠡᠯᠳᠡ ᠶᠢ ᠠᠪᠬᠤ ᠠᠴᠠ ᠡᠮᠦᠨ᠎ᠠ ᠠᠮᠠᠪᠴᠢ ᠪᠤᠯᠤᠨ ᠪᠡᠭᠡᠯᠡᠢ ᠵᠡᠭᠦᠬᠦ ᠬᠡᠷᠡᠭᠳᠡᠢ᠃ ᠪᠤᠭᠤᠳᠠᠯ ᠢᠶᠠᠨ ᠰᠢᠢᠳᠪᠦᠷᠢᠯᠡᠵᠦ ᠪᠠᠷᠠᠭᠰᠠᠨ ᠤ ᠲᠠᠷᠠᠭ᠎ᠠ᠂  ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ ᠰᠢᠩᠭᠡᠨ ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃        5. ᠲᠦᠷᠭᠡᠨ ᠬᠦᠷᠭᠡᠯᠳᠡ ᠶᠢᠨ ᠭᠠᠳᠠᠷ ᠪᠤᠭᠤᠳᠠᠯ ᠢ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠲᠤᠬᠢᠳᠠᠢ ᠰᠢᠢᠳᠪᠦᠷᠢᠯᠡᠬᠦ ᠬᠡᠷᠡᠭᠳᠡᠢ᠃        ᠢᠷᠡᠯᠳᠡ᠄ ᠲᠤᠮᠳᠠᠳᠤ ᠤᠯᠤᠰ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号