ᠰᠢᠭᠤᠶᠢᠲᠤ ᠲᠣᠭᠤᠷᠢᠭ ᠤᠨ 2020 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-16
        3 ᠳ᠋ᠤᠭᠠᠷ ᠰᠠᠷ᠎ᠠ ᠶᠢᠨ 11 ᠤ ᠡᠳᠦᠷ᠂ ᠰᠢᠭᠤᠶᠢᠲᠤ ᠲᠣᠭᠤᠷᠢᠭ ᠪᠥᠬᠦ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠲᠠᠪᠣᠷᠢᠵᠢᠭᠤᠯᠵᠤ᠂ 2019 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ᠂ 2020 ᠣᠨ ᠤ ᠠᠵᠢᠯ ᠤᠨ ᠡᠭᠦᠷᠭᠡ ᠶᠢ ᠲᠣᠬᠢᠷᠠᠭᠤᠯᠣᠨ ᠪᠠᠶᠢᠷᠢᠯᠠᠭᠤᠯᠵᠤ᠂ ᠪᠥᠬᠦ ᠲᠣᠭᠤᠷᠢᠭ ᠤᠨ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
        ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠡ ᠶᠢᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠣᠳᠣᠷᠢᠳᠣᠯᠭ᠎ᠠ᠂ ᠨᠠᠮ ᠤᠨ ᠠᠵᠢᠯ ᠤᠨ ᠺᠠᠳ᠋ᠷ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃
        ᠬᠤᠷᠠᠯ ᠠᠴᠠ ᠰᠢᠭᠤᠶᠢᠲᠤ ᠲᠣᠭᠤᠷᠢᠭ ᠤᠨ 2020 ᠣᠨ ᠤ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠪᠠ᠃
        ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠭᠠᠢ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠬᠦᠮᠦᠵᠢᠯ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠬᠦᠴᠦᠯᠡᠨ ᠳᠡᠭᠡᠭᠰᠢᠯᠡᠭᠦᠯᠵᠦ᠂ ᠰᠣᠷᠣᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ ᠪᠠ  ᠦᠢᠯᠡ ᠠᠵᠢᠯᠯᠠᠭ᠎ᠠ ᠶᠢᠨ ᠣᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠤᠨᠤᠯ ᠢᠶᠠᠷ ᠵᠡᠪᠰᠡᠭᠯᠡᠬᠦ᠂ ᠬᠠᠷᠢᠭᠤᠴᠠᠯᠭ᠎ᠠ ᠲᠣᠭᠲᠠᠭᠠᠵᠤ ᠰᠢᠯᠭᠠᠨ ᠦᠨᠡᠯᠡᠬᠦ᠂ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ᠂ ᠪᠠᠶᠢᠴᠠᠭᠠᠨ ᠰᠤᠳᠤᠯᠤᠯᠲᠠ ᠬᠢᠵᠦ ᠪᠡᠶᠡᠴᠢᠯᠡᠨ ᠣᠶᠢᠯᠠᠭᠠᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠵᠡᠷᠭᠡ ᠵᠢᠷᠭᠤᠭᠠᠨ ᠵᠦᠢᠯ ᠤᠨ ᠢᠨᠵᠧᠨᠧᠷᠢᠩ ᠢ ᠨᠠᠶᠢᠲᠠᠪᠣᠷᠢᠵᠢᠭᠤᠯᠬᠤ ᠶᠢ ᠠᠬᠢᠭᠤᠯᠵᠤ᠂ ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠲᠦᠷᠢᠮ ᠢ ᠪᠠᠶᠢᠭᠤᠯᠬᠤ ᠪᠠ ︽ᠬᠤᠶᠠᠷ ᠢ ᠳᠡᠭᠡᠭᠰᠢᠯᠡᠭᠦᠯᠵᠦ ᠭᠤᠷᠪᠠ ᠶᠢ ᠬᠦᠴᠦᠷᠬᠡᠭᠵᠢᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠯᠦᠭᠡ ᠭᠦᠨᠵᠡᠭᠡᠢ ᠠᠭᠤᠰᠤᠯᠴᠠᠭᠤᠯᠵᠤ᠂ ᠵᠡᠷᠭᠡᠪᠡᠷ ᠬᠡᠷᠡᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠲᠥᠪ ᠤᠨ ᠶᠡᠭᠡ ᠲᠠᠯ᠎ᠠ ᠶᠢᠨ ᠲᠣᠭᠤᠷᠢᠨ ᠳᠤ᠂ ᠨᠠᠮ ᠤᠨ ᠭᠡᠰᠢᠭᠦᠨ ᠺᠠᠳ᠋ᠷᠴᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠴᠢᠨᠠᠷ ᠰᠠᠶᠢᠲᠠᠢ ᠬᠥᠭᠵᠢᠯᠲᠡ ᠪᠣᠯᠤᠨ ︽ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠳᠤᠮᠳᠠ ᠤᠬᠠᠮᠰᠠᠷ ᠠᠴᠠ ᠪᠠᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠦᠨᠡᠨᠴᠢ ᠰᠢᠳᠤᠷᠭᠤ᠂ ᠤᠯᠤᠰ ᠲᠦᠷᠦ ᠶᠢᠨ ᠡᠭᠦᠷᠭᠡᠯᠡᠯ ᠢ ᠲᠠᠶᠢᠯᠪᠤᠷᠢᠯᠠᠬᠤ ᠶᠢ ᠠᠬᠢᠭᠤᠯᠬᠤ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠭᠤᠷᠢᠨ ᠳᠤ᠂ ᠵᠢᠱᠢᠭᠳᠡᠭᠴᠢ ᠶᠢ ᠪᠤᠶᠢᠵᠢᠭᠤᠯᠤᠨ ᠨᠦᠬᠡᠴᠡᠯᠡᠬᠦ ᠶᠢ ᠤᠷᠢᠳᠴᠢᠯᠠᠨ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠲᠣᠭᠤᠷᠢᠭ ᠤᠨ ᠤᠳᠤᠷᠢᠳᠬᠤ ᠪᠠᠭ ᠤᠨ ᠪᠦᠷᠢᠯᠳᠦᠭᠦᠨ ᠢ ᠪᠠᠲᠤᠯᠠᠨ ᠲᠠᠨᠢᠯᠴᠠᠭᠤᠯᠵᠤ᠂ ᠰᠤᠮᠤ ᠪᠠᠯᠭᠠᠰᠤᠨ ᠤ ᠤᠳᠤᠷᠢᠳᠬᠤ ᠪᠠᠭ ᠢ ᠰᠢᠯᠢᠳᠡᠭ ᠢ ᠨᠢ ᠰᠣᠩᠭᠤᠨ ᠲᠣᠬᠢᠷᠠᠭᠤᠯᠵᠣ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠠᠲᠠᠢ ᠪᠠᠷ ᠡᠷᠳᠡᠮᠲᠡᠨ ᠴᠢᠳᠠᠪᠤᠷᠢᠲᠠᠨ ᠢ ᠰᠣᠩᠭᠤᠨ ᠬᠡᠷᠡᠭᠯᠡᠵᠦ᠂ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠵᠠᠯᠠᠭᠤ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠬᠡᠪ ᠴᠢᠨᠠᠷ ᠤᠨ ᠰᠢᠯᠭᠠᠨ ᠪᠠᠶᠢᠴᠠᠭᠠᠯᠲᠠ ᠶᠢ ᠴᠢᠬᠤᠯᠠᠴᠢᠯᠠᠵᠤ᠂ ᠺᠠᠳ᠋ᠷ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠠᠯᠪᠠᠲᠠᠨ ᠤ ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠤᠨ ᠰᠠᠶᠢᠲᠤᠷ ᠬᠢᠬᠦ ᠬᠡᠷᠡᠭᠲᠡᠶ᠃ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠺᠠᠳ᠋ᠷ ᠤᠨ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠢᠯᠡ ᠲᠣᠳᠣ ᠬᠥᠮᠦᠨ ᠬᠡᠷᠡᠭᠯᠡᠬᠦ ᠤᠳᠤᠷᠢᠳᠤᠮᠵᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠣᠷᠮᠠᠰᠢᠭᠤᠯᠣᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠩ ᠦᠨᠡᠨᠴᠢ ᠪᠠᠷ ᠬᠠᠯᠠᠮᠵᠢᠯᠠᠨ ᠬᠠᠶᠢᠷᠠᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠳᠡᠮᠵᠢᠬᠦ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠴᠢᠩᠭ᠎ᠠ ᠬᠢᠨᠠᠯᠲᠠ ᠬᠠᠮᠢᠶᠠᠷᠤᠯᠲᠠ  ᠪᠠᠷ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠬᠤ ᠬᠡᠷᠡᠭᠲᠡᠢ᠃ ︽ᠲᠠᠪᠤ ᠶᠢ ᠬᠠᠮᠵᠢᠯᠴᠠᠭᠤᠯᠬᠤ︾ ᠲᠣᠭᠲᠠᠴᠠ ᠶᠢ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠨᠠᠭᠠᠴᠢᠯᠠᠭ᠎ᠠ ᠠᠴᠠ ᠪᠠᠨ ᠬᠡᠷᠡᠭᠯᠡᠨ ᠰᠠᠶᠢᠲᠤᠷ ᠠᠳᠬᠤᠵᠣ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ᠂ ᠵᠠᠷᠤᠳᠠᠯ ᠤᠨ ᠪᠠᠷᠢᠮᠵᠢᠶᠠᠵᠢᠭᠤᠯᠤᠯᠲᠠ ᠶᠢᠨ ᠪᠠᠲᠤᠯᠠᠭ᠎ᠠ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠳᠣᠷ ᠬᠢᠬᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠲᠣᠭᠤᠷᠢᠨ ᠳᠤ᠂ ᠳᠤᠲᠠᠭᠤᠳᠠᠯ ᠪᠠᠭᠤᠷᠠᠶ ᠵᠦᠢᠯ ᠳᠤ ᠴᠢᠭᠯᠡᠭᠦᠯᠦᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ︽ ᠴᠢᠳᠠᠪᠣᠷᠢᠲᠠᠨ ᠤ ᠲᠤᠰᠬᠠᠶ ᠦᠢᠯᠡᠰ ᠤᠨ ᠣᠷᠣᠨ ᠲᠤᠭ᠎ᠠ ᠶᠢᠨ ᠪᠠᠲᠤᠯᠠᠭ᠎ᠠ ᠶᠢᠨ ᠢᠨᠵᠧᠨᠧᠷᠢᠩ︾ ᠢ ᠬᠦᠴᠦᠯᠡᠨ ᠬᠡᠷᠡᠭᠵᠢᠭᠦᠯᠵᠦ᠂ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠬᠤ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠠᠢ ᠤᠶᠠᠯᠳᠤᠭᠤᠯᠤᠨ᠂ ᠠᠬᠠᠮᠠᠳ ᠺᠠᠳ᠋ᠷᠴᠤᠳ ᠲᠤ ᠦᠢᠯᠡᠴᠢᠯᠡᠬᠦ᠂ ᠨᠠᠮ ᠵᠠᠰᠠᠭ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠤᠯᠤᠰ ᠲᠥᠷᠥ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ ᠶᠢᠨ ᠲᠣᠭᠤᠷᠢᠨ ᠳᠤ ᠵᠣᠬᠢᠶᠠᠨ ᠪᠠᠶᠢᠭᠤᠯᠬᠤ ᠺᠠᠳ᠋ᠷ ᠤᠨ ᠤᠯᠤᠰ ᠲᠥᠷᠥ ᠶᠢᠨ ᠵᠣᠭᠰᠣᠴᠠ᠂ ᠣᠶᠢᠯᠠᠭᠠᠭᠳᠠᠬᠤᠨ ᠰᠡᠳᠬᠢᠴᠡ᠂ ᠠᠵᠢᠯ ᠤᠨ ᠲᠣᠭᠲᠠᠴᠠ᠂ ᠴᠢᠳᠠᠪᠤᠷᠢ ᠶᠢᠨ ᠬᠢᠷᠢ ᠲᠦᠪᠰᠢᠨ᠂ ᠪᠠᠶᠢᠳᠠᠯ ᠤᠨ ᠰᠤᠷᠲᠠᠯ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠤᠯᠤᠰ ᠲᠥᠷᠥ ᠶᠢᠨ ᠲᠠᠯ᠎ᠠ ᠪᠠᠷ ᠬᠠᠷᠢᠴᠠᠯᠠᠰᠢ ᠦᠭᠡᠶ ᠨᠠᠶᠢᠳᠠᠪᠤᠷᠢᠲᠠᠶ᠂ ᠠᠵᠢᠯ ᠤᠨ ᠲᠠᠯ᠎ᠠ ᠪᠠᠷ ᠴᠢᠩᠭ᠎ᠠ ᠬᠢᠨᠠᠮᠠᠭᠠᠢ ᠪᠣᠯᠭᠤᠮᠵᠢᠲᠠᠶ᠂ ᠴᠢᠳᠠᠪᠤᠷᠢ ᠶᠢᠨ ᠲᠠᠯ᠎ᠠ ᠪᠠᠷ ᠴᠠᠭᠠᠷᠠᠭᠰᠠᠨ᠂ ᠰᠤᠷᠲᠠᠯ ᠤᠨ ᠲᠠᠯ᠎ᠠ ᠪᠠᠷ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠭᠰᠡᠨ᠂ ᠰᠠᠬᠢᠯᠭ᠎ᠠ ᠪᠠᠲᠤ ᠶᠢᠨ ᠲᠠᠯ᠎ᠠ ᠪᠠᠷ ᠲᠥᠪ ᠭᠤᠤᠯᠴᠢ ᠠᠷᠢᠭᠤᠨ ᠴᠢᠭᠡᠴᠢ ᠵᠣᠬᠢᠶᠠᠨ ᠪᠠᠶᠢᠭᠤᠯᠬᠤ ᠺᠠᠳ᠋ᠷ ᠪᠣᠯᠵᠤ᠂ ᠪᠦᠬᠦ ᠲᠣᠭᠤᠷᠢᠭ ᠤᠨ ︽ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠲᠣᠭᠤᠷᠢᠭ ᠪᠠᠶᠢᠭᠤᠯᠬᠤ᠂ ᠠᠵᠤ ᠦᠢᠯᠡᠰ ᠤᠨ ᠲᠠᠯ᠎ᠠ ᠪᠠᠷ ᠣᠯᠠᠨ ᠡᠰᠢᠴᠢᠯᠡᠨ ᠣᠷᠣᠨ ᠢᠶᠠᠨ ᠮᠠᠨᠳᠤᠭᠤᠯᠬᠤ᠂ ᠶᠠᠰᠤ ᠴᠢᠨᠠᠷ ᠦᠷ᠎ᠡ ᠪᠦᠲᠦᠮᠵᠢ ᠪᠠᠷ ᠣᠷᠣᠨ ᠢᠶᠠᠨ ᠬᠦᠴᠦᠷᠬᠡᠭᠵᠢᠭᠦᠯᠬᠦ︾᠂ ︽ᠭᠤᠤᠯ ᠬᠤᠲᠠ ᠶᠢᠨ ᠲᠣᠭᠤᠷᠢᠭ ᠲᠤ ᠲᠦᠷᠭᠡᠨ ᠠᠭᠤᠰᠤᠯᠴᠠᠬᠤ ᠶᠢ ᠪᠡᠶᠡᠯᠡᠭᠦᠯᠬᠦ ᠶᠢᠨ ᠲᠥᠯᠥᠭᠡ᠂ ᠵᠢᠭᠤᠯᠴᠢᠯᠠᠯ ᠤᠨ ᠵᠣᠷᠢᠭᠰᠠᠨ ᠭᠠᠵᠠᠷ ᠢ ᠡᠭᠦᠳᠦᠨ ᠪᠠᠶᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号