ᠥᠪᠥᠷ ᠮᠣᠩᠭᠤᠯ ᠤᠨ ᠶᠡᠭᠡ ᠰᠤᠷᠭᠠᠭᠤᠯᠢ ᠬᠤᠶᠠᠷ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠰᠢᠨ᠎ᠡ  ᠪᠠᠷ ᠨᠡᠮᠡᠭᠳᠡᠬᠦᠯᠪᠡ
ᠨᠡᠶᠢᠲᠡᠯᠡᠭᠰᠡᠨ ᠴᠠᠭ᠄
2020-03-16
        ᠦᠪᠣᠷ ᠮᠣᠩᠭᠤᠯ ᠤᠨ ᠡᠳᠤᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᡁᠢ ᠰᠢᠶᠠᠨ︶ᠰᠤᠷᠪᠤᠯᠵᠢᠯᠠᠭᠴᠢ ᠥᠪᠥᠷ ᠮᠣᠩᠭᠤᠯ ᠤᠨ ᠶᠡᠭᠡ ᠰᠣᠷᠭᠠᠭᠤᠯᠢ ᠠᠴᠠ ᠤᠢᠢᠯᠠᠭᠠᠭᠰᠠᠨ ᠢᠶᠠᠷ᠂ ᠤᠢᠢᠷ᠎ᠠ ᠶᠢᠨ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ︽2019 ᠣᠨ ᠤ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ  ᠶᠢᠨ ᠲᠤᠰᠬᠠᠢ ᠮᠡᠷᠭᠡᠵᠢᠯ ᠢ ᠳᠠᠩᠰᠠᠯᠠᠭᠤᠯᠤᠭᠰᠠᠨ ᠪᠠ ᠬᠢᠨᠠᠨ ᠵᠦᠪᠰᠢᠶᠡᠷᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠲᠤᠰ ᠰᠤᠷᠭᠠᠭᠤᠯᠢ ᠨᠢ ᠣᠯᠣᠰ ᠲᠦᠷᠦ ᠶᠢᠨ ᠤᠬᠠᠭᠠᠨ᠂ ᠠᠵᠤ ᠠᠬᠤᠢ ᠶᠢᠨ ᠤᠬᠠᠭᠠᠨ ᠪᠣᠯᠤᠨ ᠭᠦᠨ ᠤᠬᠠᠭᠠᠨ ᠤ ᠲᠤᠰᠬᠠᠢ ᠮᠡᠷᠭᠡᠵᠢᠯ ᠪᠣᠯᠤᠨ ᠲᠡᠷᠭᠡ ᠤᠨᠤᠭᠠᠨ ᠤ ᠢᠨᠵᠧᠨᠧᠷᠢᠩ ᠤᠨ ᠲᠤᠰᠬᠠᠢ ᠮᠡᠷᠭᠡᠵᠢᠯ ᠭᠡᠬᠦ ᠬᠤᠶᠠᠷ ᠵᠢᠩᠬᠢᠨᠢ ᠠᠩᠬᠢ ᠶᠢᠨ ᠲᠤᠰᠬᠠᠢ ᠮᠡᠷᠭᠡᠵᠢᠯ ᠢ ᠨᠡᠮᠡᠪᠡ᠃         ᠣᠶᠢᠯᠠᠭᠠᠭᠰᠠᠨ ᠢᠶᠠᠷ᠂ ᠤᠯᠤᠰ ᠲᠥᠷᠥ ᠶᠢᠨ ᠤᠬᠠᠭᠠᠨ᠂ ᠠᠵᠤ ᠠᠬᠤᠶ ᠶᠢᠨ ᠤᠬᠠᠭᠠᠨ ᠪᠠ ᠭᠦᠨ ᠤᠬᠠᠭᠠᠨ ᠤ ᠲᠤᠰᠬᠠᠶ ᠮᠡᠷᠭᠡᠵᠢᠯ ᠪᠣᠯ ᠰᠤᠷᠭᠠᠭᠤᠯᠢ ᠶᠢᠨ ᠭᠦᠨ ᠤᠬᠠᠭᠠᠨ ᠤ ᠲᠤᠰᠬᠠᠶ ᠮᠡᠷᠭᠡᠵᠢᠯ᠂ ᠤᠯᠤᠰ ᠲᠥᠷᠥ  ᠶᠢᠨ ᠤᠬᠠᠭᠠᠨ ᠤ ᠲᠣᠰᠬᠠᠢ ᠮᠡᠷᠭᠡᠵᠢᠯ ᠪᠠ ᠠᠵᠤ ᠠᠬᠤᠶ ᠶᠢᠨ ᠤᠬᠠᠭᠠᠨ ᠤ ᠲᠤᠰᠬᠠᠶ ᠮᠡᠷᠭᠡᠵᠢᠯ ᠤᠨ ᠬᠠᠮᠲᠤᠷᠠᠨ ᠮᠡᠳᠡᠭᠦᠯᠵᠦ  ᠪᠠᠶᠢᠭ᠎ᠠ ᠰᠢᠨ᠎ᠡ ᠲᠤᠰᠬᠠᠶ ᠮᠡᠷᠭᠡᠵᠢᠯ ᠪᠣᠯᠤᠨ᠎ᠠ᠂ ᠡᠨᠡ ᠨᠢ ᠰᠢᠨᠵᠢᠡᠯᠬᠦ ᠤᠬᠠᠭᠠᠨ ᠤ ᠬᠢᠴᠢᠶᠡᠯ ᠤᠨ ᠳ᠋ᠠᠩ ᠴᠤᠯᠭᠤᠢ ᠠᠴᠠ ᠪᠣᠯᠤᠭᠰᠠᠨ ᠣᠨᠣᠯ ᠤᠨ ᠤᠶᠢᠷ᠎ᠠ ᠬᠠᠷᠠᠭ᠎ᠠ ᠪᠠ ᠰᠡᠳᠬᠢᠬᠦᠶ ᠶᠢᠨ ᠬᠢᠵᠠᠭᠠᠷᠯᠠᠯ ᠢ ᠡᠪᠳᠡᠬᠦ ᠶᠢᠨ ᠲᠥᠯᠥᠭᠡ ᠶᠤᠮ᠃ ᠲᠣᠰ ᠲᠤᠰᠬᠠᠶ ᠮᠡᠷᠭᠡᠵᠢᠯ ᠨᠢ ᠭᠦᠨ ᠤᠬᠠᠭᠠᠨ᠂ ᠤᠯᠤᠰ ᠲᠥᠷᠥ ᠶᠢᠨ ᠤᠬᠠᠭᠠᠨ ᠪᠠ ᠠᠵᠤ ᠠᠬᠤᠶ ᠶᠢᠨ ᠤᠬᠠᠭᠠᠨ ᠵᠡᠷᠭᠡ 3 ᠲᠤᠰᠬᠠᠶ ᠮᠡᠷᠭᠡᠵᠢᠯ ᠤᠨ ᠣᠨᠣᠯ ᠪᠠ ᠠᠷᠭ᠎ᠠ ᠶᠢ ᠠᠭᠤᠰᠤᠯᠴᠠᠭᠤᠯᠤᠨ ᠨᠡᠪᠲᠡᠷᠡᠭᠦᠯᠵᠦ᠂ ᠡᠷᠲᠡᠨ ᠤ ᠰᠣᠩᠭᠤᠳᠠᠭ ᠪᠠ ᠰᠢᠨ᠎ᠡ ᠶᠢ ᠡᠭᠦᠳᠬᠦ ᠶᠢ ᠨᠢᠭᠡ ᠴᠣᠭᠴᠠ ᠪᠣᠯᠭᠠᠨ᠂ ᠪᠥᠬᠦ ᠪᠥᠮᠪᠥᠷᠴᠡᠭ  ᠤᠨ ᠬᠠᠷᠠᠭᠠᠰᠤ ᠲᠠᠢ᠂ ᠳᠤᠮᠳᠠᠳᠤ ᠤᠯᠤᠰ ᠤᠨ ᠰᠣᠶᠣᠯ ᠤᠨ ᠢᠲᠡᠭᠡᠯ ᠲᠠᠢ᠂ ᠤᠮᠠᠷᠠᠲᠤ ᠬᠢᠯᠢ ᠳᠤ ᠰᠠᠭᠤᠷᠢᠯᠠᠭᠰᠠᠨ ᠤᠳᠤᠷᠢᠳᠬᠤ ᠬᠡᠯᠪᠡᠷᠢ ᠶᠢᠨ ᠴᠢᠳᠠᠪᠤᠷᠢᠲᠠᠨ ᠢ ᠬᠦᠮᠣᠵᠢᠬᠦᠯᠬᠦ ᠪᠠᠷ ᠵᠣᠷᠢᠭ ᠰᠢᠭᠤᠳᠤᠭᠰᠠᠨ ᠶᠠᠪᠤᠳᠠᠯ ᠪᠤᠯᠤᠨ᠎ᠠ᠃ᠲᠡᠷᠬᠡ ᠤᠨᠤᠭᠠᠨ ᠤ ᠢᠨᠵᠧᠨᠧᠷᠢᠩ ᠤᠨ ᠲᠤᠰᠬᠠᠶ ᠮᠡᠷᠭᠡᠵᠢᠯ ᠪᠣᠯ ᠦᠪᠣᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ︽13 · 5︾ ᠶᠢᠨ ᠲᠥᠯᠥᠪᠵᠢᠭᠦᠯᠭᠡ ᠶᠢᠨ ᠠᠵᠤ ᠦᠶᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠪᠥᠬᠦ ᠤᠯᠤᠰ ᠤᠨ ᠲᠡᠷᠬᠡ ᠤᠨᠤᠭᠠᠨ ᠤ ᠢᠨᠵᠧᠨᠧᠷᠢᠩ ᠤᠨ ᠬᠦᠷᠢᠶᠡᠨ ᠳᠠᠬᠢ ᠲᠤᠰᠬᠠᠶ ᠳᠡᠭᠡᠳᠦ ᠲᠠᠰ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠳᠤ ᠴᠢᠭᠯᠡᠭᠦᠯᠦᠨ ᠨᠡᠮᠡᠵᠦ ᠪᠠᠶᠢᠭᠤᠯᠤᠭᠰᠠᠨ ᠲᠤᠰᠬᠠᠶ ᠮᠡᠷᠭᠡᠵᠢᠯ ᠪᠣᠯᠤᠨ᠎ᠠ᠃ ᠲᠣᠰ  ᠲᠤᠰᠬᠠᠶ ᠮᠡᠷᠭᠡᠵᠢᠯ ᠨᠢ ᠲᠡᠷᠬᠡ ᠤᠨᠤᠭᠠᠨ ᠤ ᠢᠨᠵᠧᠨᠧᠷᠢᠩ ᠲᠠᠢ ᠬᠤᠯᠪᠣᠭᠳᠠᠬᠤ ᠦᠶᠯᠡᠳᠬᠦᠨ ᠢ ᠵᠢᠷᠤᠵᠤ ᠲᠥᠯᠥᠪᠯᠡᠨ᠂ ᠨᠡᠭᠡᠭᠡᠨ ᠬᠥᠭᠵᠢᠭᠦᠯᠬᠦ᠂ ᠦᠶᠯᠡᠳᠪᠦᠷᠢᠯᠡᠬᠦ ᠦᠶᠯᠡᠳᠬᠦ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ᠂ ᠬᠡᠷᠡᠭᠯᠡᠭᠡᠨ ᠤ ᠰᠤᠳᠤᠯᠭᠠᠨ᠂ ᠮᠡᠷᠭᠡᠵᠢᠯ ᠤᠨ ᠦᠶᠯᠡᠴᠢᠯᠡᠭᠡ᠂ ᠡᠵᠡᠩᠨᠡᠨ ᠪᠣᠷᠣᠯᠠᠭᠤᠯᠬᠤ᠂ ᠬᠠᠮᠢᠶᠠᠷᠬᠤ ᠵᠡᠷᠭᠡ ᠲᠠᠯ᠎ᠠ  ᠶᠢᠨ ᠠᠵᠢᠯ ᠢ ᠡᠷᠭᠢᠯᠡᠨ  ᠬᠢᠵᠦ ᠪᠠᠶᠢᠭ᠎ᠠ᠂ ᠨᠡᠯᠢᠶᠡᠳ ᠴᠢᠩᠭ᠎ᠠ ᠦᠶᠯᠡᠳᠦᠯᠭᠡ ᠶᠢᠨ ᠴᠢᠳᠠᠪᠤᠷᠢ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠲᠠᠢ ᠳᠡᠭᠡᠳᠦ ᠲᠠᠰ ᠤᠨ ᠲᠤᠰᠬᠠᠶ ᠴᠢᠳᠠᠪᠤᠷᠢᠲᠠᠨ ᠢ ᠬᠦᠴᠦᠯᠡᠨ ᠬᠥᠮᠦᠵᠢᠭᠦᠯᠦᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号