ᠠᠰᠠᠭᠤᠯᠲᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤᠮᠳᠠ ᠠᠷᠢᠭᠤᠳᠬᠠᠬᠤ ᠡᠳ᠋ ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ︖ | ᠬᠠᠷᠢᠭᠤᠯᠲᠠ᠄ 1. ᠪᠠᠶᠢᠭᠤᠯᠭ᠎ᠠ ᠨᠢᠭᠡᠴᠢ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠯᠠᠨ | ᠨᠡᠶᠢᠲᠡ ᠶᠢᠨ ᠲᠠᠯᠠᠪᠤᠷ ᠵᠡᠷᠭᠡ ᠶᠢᠨ ᠠᠷᠢᠭᠤᠳᠬᠠᠬᠤ ᠠᠵᠢᠯ ᠢ ᠬᠠᠷᠢᠭᠤᠴᠠᠵᠤ ᠪᠠᠶᠢᠭ᠎ᠠ ᠬᠥᠮᠦᠰ ᠠᠷᠢᠭᠤᠳᠬᠠᠬᠤ | ᠦᠶ᠋ᠯᠡᠳᠬᠦᠨ ᠤ ᠲᠣᠳᠣᠷᠬᠠᠶᠢᠯᠠᠯᠲᠠ ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠠᠷᠢᠭᠤᠳᠬᠠᠬᠤ ᠡᠳ᠋ ᠢ ᠰᠢᠨᠵᠢᠯᠡᠬᠦᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠵᠦ᠂ ᠠᠷᠢᠭᠤᠳᠬᠠᠬᠤ ᠡᠳ᠋ ᠢ ᠳᠤᠷ᠎ᠠ ᠪᠠᠷ | ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠶ᠃ | 2. ᠠᠷᠢᠭᠤᠳᠬᠠᠬᠤ ᠦᠢᠯᠡᠳᠬᠦᠨ ᠢ ᠵᠦᠪᠬᠡᠨ ᠳᠤᠲᠤᠷᠬᠠᠢᠢᠯᠠᠯᠲᠠ ᠳᠤ ᠢᠯᠡᠷᠭᠡᠶᠢᠯᠡᠭᠰᠡᠨ ᠵᠦᠢᠯ ᠳᠤ | ᠬᠡᠷᠡᠭᠯᠡᠵᠦ᠂ ᠡᠨᠡ ᠬᠦ ᠬᠦᠷᠢᠶ᠎ᠡ ᠬᠡᠪᠴᠢᠶᠡᠨ ᠠᠴᠠ ᠳᠠᠪᠠᠨ ᠬᠡᠷᠡᠭᠯᠡᠵᠦ ᠪᠤᠯᠬᠤ ᠦᠬᠡᠢ᠃ | 3. ᠠᠷᠢᠭᠤᠳᠬᠠᠬᠤ ᠡᠳ᠋ ᠪᠤᠯᠭᠠᠨ ᠢ ᠵᠠᠪᠠᠯ ᠲᠤᠰᠠᠭᠠᠷ ᠬᠡᠷᠡᠭᠯᠡᠬᠦ ᠴᠢᠬᠤᠯᠠᠲᠠᠢ ᠪᠠᠶᠢᠵᠦ᠂ ᠠᠳᠠᠯᠢ ᠪᠤᠰᠤ | ᠲᠦᠷᠦᠯ ᠵᠦᠢᠯ ᠤᠨ ᠠᠷᠢᠭᠤᠳᠬᠠᠬᠤ ᠡᠳ᠋ ᠢ ᠬᠤᠯᠢᠵᠦ ᠬᠡᠷᠡᠭᠯᠡᠵᠦ ᠪᠤᠯᠬᠤ ᠦᠬᠡᠢ᠃ | 4. ᠲᠤᠳᠤᠷᠬᠠᠢᠢᠯᠠᠯᠲᠠ ᠳᠠᠬᠢ ᠦᠳᠭᠡᠴᠡ ᠶᠢᠨ ᠬᠡᠮᠵᠢᠶ᠎ᠡ ᠶᠤᠰᠤᠭᠠᠷ ᠠᠷᠢᠭᠤᠳᠬᠠᠬᠤ ᠡᠳ᠋ ᠢ | ᠨᠠᠶᠢᠷᠠᠭᠤᠯᠵᠦ᠂ ᠲᠤᠳᠤᠷᠬᠠᠢᠢᠯᠠᠯᠲᠠ ᠶᠢᠨ ᠬᠠᠮᠤᠭ ᠤᠬᠤᠷ ᠬᠢᠵᠠᠭᠠᠷ ᠤᠨ ᠠᠷᠢᠭᠤᠳᠬᠠᠬᠤ ᠴᠠᠭ ᠬᠤᠭᠤᠴᠠᠭ᠎ᠠ ᠶᠢ | ᠪᠠᠲᠤᠯᠠᠬᠤ ᠬᠡᠷᠡᠭᠲᠡᠢ᠃ | 5. ᠬᠥᠮᠦᠨ ᠤ ᠪᠡᠶ᠎ᠡ ᠶᠢᠨ ᠠᠷᠠᠰᠤᠨ ᠤ ᠠᠷᠢᠭᠤᠳᠬᠠᠯ ᠭᠡᠳᠡᠭ ᠨᠢ ᠭᠤᠣᠯᠳᠠᠭᠤ ᠭᠠᠷ ᠤᠨ ᠬᠡᠰᠡᠭ ᠵᠡᠷᠭᠡ | ᠢᠯᠡ ᠭᠠᠵᠠᠷ ᠢ ᠵᠢᠭᠠᠵᠦ ᠪᠠᠶᠢᠳᠠᠭ ᠠᠴᠠ ᠪᠦᠬᠦ ᠪᠡᠶ᠎ᠡ ᠶᠢᠨ ᠠᠷᠢᠭᠤᠳᠬᠠᠯ ᠬᠢᠬᠦ ᠴᠢᠬᠤᠯᠠ ᠦᠭᠡᠶ᠃ ᠠᠷᠢᠭᠤᠳᠬᠠᠬᠤ | ᠡᠳ᠋ ᠢ ᠬᠡᠷᠡᠭᠯᠡᠬᠦ ᠳᠡᠭᠡᠨ ᠬᠠᠮᠤᠭ ᠰᠠᠶᠢᠨ ᠨᠢ ᠵᠠᠬ᠎ᠠ ᠳᠡᠯᠭᠡᠭᠦᠷ ᠲᠤ ᠪᠣᠷᠣᠯᠠᠭᠤᠯᠵᠦ ᠪᠠᠶᠢᠭ᠎ᠠ ᠦᠢᠯᠡᠳᠬᠦᠨ ᠢ | ᠰᠣᠩᠭᠤᠵᠤ ᠬᠡᠷᠡᠭᠯᠡᠨ᠎ᠡ᠂ ᠵᠢᠱᠢᠶᠡᠯᠡᠪᠡᠯ 75% ᠰᠫᠢᠷᠲ᠂ ᠬᠡᠲᠦ ᠢᠰᠦᠯᠳᠦ ᠤᠰᠤᠲᠥ᠋ᠷᠥᠭᠴᠢᠲᠦ ᠠᠷᠢᠭᠤᠳᠬᠠᠬᠤ | ᠰᠢᠩᠭᠡᠨ ᠵᠡᠷᠭᠡ ᠶᠢ ᠬᠡᠷᠡᠭᠯᠡᠨ᠎ᠡ᠂ ᠥᠪᠡᠷ ᠢᠶᠠᠨ ᠠᠷᠢᠭᠤᠳᠬᠠᠬᠤ ᠰᠢᠩᠭᠡᠨ ᠨᠠᠶᠢᠷᠠᠭᠤᠯᠵᠦ ᠠᠷᠠᠰᠤᠨ ᠤ ᠠᠷᠢᠭᠤᠳᠬᠠᠯ | ᠬᠢᠵᠦ ᠪᠤᠯᠬᠤ ᠦᠬᠡᠢ᠃ | 6. ᠭᠡᠷ ᠪᠦᠯᠢ ᠶᠢᠨ ᠬᠢᠨ ᠠᠷᠢᠭᠤᠳᠬᠠᠬᠤ ᠡᠳ᠋ ᠢ ᠠᠮᠤᠷ ᠲᠦᠪᠰᠢᠨ ᠢᠶᠠᠷ ᠬᠠᠳᠠᠭᠠᠯᠠᠬᠤ ᠬᠡᠷᠡᠭᠲᠡᠢ᠂ | ᠤᠮᠳᠠᠭᠠᠨ ᠤ ᠯᠣᠩᠬᠤᠨ ᠳᠤ ᠠᠷᠢᠭᠤᠳᠬᠠᠬᠤ ᠰᠢᠩᠭᠡᠨ ᠢ ᠰᠠᠪᠠᠯᠠᠵᠤ ᠪᠣᠯᠬᠤ ᠦᠭᠡᠢ᠂ ᠠᠷᠢᠭᠤᠳᠬᠠᠬᠤ ᠡᠳ᠋ ᠢ | ᠬᠡᠦᠬᠡᠳ ᠬᠦᠷᠦᠯᠴᠡᠵᠦ ᠲᠡᠶᠢᠯᠬᠦ ᠦᠬᠡᠢ ᠰᠡᠷᠢᠭᠦᠨ ᠭᠠᠵᠠᠷ ᠲᠤ ᠲᠠᠯᠪᠢᠬᠤ ᠬᠡᠷᠡᠭᠲᠡᠢ᠃ | 7. ᠣᠨᠴᠠᠭᠠᠢ ᠣᠷᠴᠢᠨ ᠳᠤ ᠥᠨᠳᠥᠷ ᠥᠳᠬᠡᠴᠡ ᠲᠠᠢ ᠠᠷᠢᠭᠤᠳᠬᠠᠬᠤ ᠡᠮ ᠢ ᠨᠠᠶᠢᠷᠠᠭᠤᠯᠬᠤ ᠪᠠ | ᠬᠡᠷᠡᠭᠯᠡᠬᠦ ᠡᠰᠡᠬᠦᠯ᠎ᠡ ᠤᠷᠲᠤ ᠬᠤᠭᠤᠴᠠᠭ᠎ᠠ ᠪᠠᠷ ᠠᠷᠢᠭᠤᠳᠬᠠᠬᠤ ᠡᠳ᠋ ᠢ ᠬᠡᠷᠡᠭᠯᠡᠬᠦ ᠳᠡᠭᠡᠨ ᠡᠷᠬᠡᠪᠰᠢ | ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦᠵᠡᠬᠦᠬᠦ ᠬᠡᠷᠡᠭᠲᠡᠢ᠂ ᠵᠢᠱᠢᠶᠡᠯᠡᠪᠡᠯ ᠬᠤᠣᠷ ᠠᠴᠠ ᠬᠠᠮᠠᠭᠠᠯᠠᠬᠤ ᠪᠠᠭ ︵ᠠᠮᠠᠪᠴᠢ | ᠪᠢᠰᠢ︶᠂ ᠬᠠᠮᠠᠭᠠᠯᠠᠯᠳᠠ ᠶᠢᠨ ᠪᠡᠭᠡᠯᠡᠢ ︵ᠰᠦᠨ ᠴᠠᠪᠠᠤ ᠪᠤᠶᠤ ᠭᠤᠮ ᠪᠡᠭᠡᠯᠡᠢ ᠬᠡᠷᠡᠭᠯᠡᠨ᠎ᠡ᠂ ᠬᠥᠪᠥᠩ ᠪᠦᠰ ᠪᠤᠶᠤ | ᠬᠥᠪᠥᠩ ᠤᠲᠠᠰᠤᠨ ᠪᠡᠭᠡᠯᠡᠢ ᠬᠡᠷᠡᠭᠯᠡᠵᠦ ᠪᠣᠯᠬᠤ ᠦᠭᠡᠢ︶᠃ᠲᠣᠬᠢᠷᠠᠮᠵᠢᠲᠠᠶ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ | ᠵᠡᠭᠦᠭᠰᠡᠨ ᠦᠭᠡᠢ ᠪᠠᠶᠢᠪᠠᠯ᠂ ᠪᠢᠲᠡᠭᠦᠮᠵᠢᠯᠡᠭᠰᠡᠨ ᠣᠷᠣᠨ ᠵᠠᠶ ᠳᠣᠲᠣᠷ᠎ᠠ ᠠᠷᠢᠭᠤᠳᠬᠠᠬᠤ ᠡᠳ᠋ ᠢ ᠨᠠᠶᠢᠷᠠᠭᠤᠯᠬᠤ ᠪᠠ | ᠬᠡᠷᠡᠭᠯᠡᠵᠦ ᠪᠣᠯᠬᠤ ᠦᠭᠡᠢ᠃ | ᠠᠰᠠᠭᠤᠯᠲᠠ᠄ ᠪᠠᠶᠢᠩᠭᠤ ᠲᠣᠬᠢᠶᠠᠯᠳᠤᠳᠠᠭ ᠠᠷᠢᠭᠤᠳᠬᠠᠬᠤ ᠡᠳ᠋ ᠠᠴᠠ ᠪᠣᠯᠵᠤ ᠬᠤᠣᠷᠳᠠᠭᠳᠠᠭᠰᠠᠨ ᠤ | ᠳᠠᠷᠠᠭ᠎ᠠ ᠬᠡᠷᠬᠢᠨᠰᠢᠢᠳᠪᠦᠷᠢᠯᠡᠬᠦ ᠪᠣᠢ︖ | ᠬᠠᠷᠢᠭᠤᠯᠲᠠ᠄ 1. ᠠᠮᠢᠰᠬᠤᠯ ᠤᠨ ᠵᠠᠮ ᠬᠦᠷᠦᠯᠴᠡᠭᠰᠡᠳ ᠬᠤᠣᠷᠳᠠᠭᠳᠠᠭᠰᠠᠨ ᠣᠷᠴᠢᠨ ᠲᠣᠭᠤᠷᠢᠨ ᠠᠴᠠ | ᠳᠠᠷᠦ᠋ᠢᠬᠠᠨ ᠵᠠᠶᠢᠯᠠᠵᠦ᠂ ᠰᠢᠨ᠎ᠡ ᠰᠣᠷᠭᠤᠭ ᠠᠭᠠᠷ ᠤᠨ ᠤᠷᠴᠢᠨ ᠳᠤ ᠤᠴᠢᠬᠤ ᠬᠡᠷᠡᠭᠲᠡᠢ᠃ | 2. ᠠᠷᠠᠰᠤᠨ ᠤ ᠰᠠᠯᠢᠰᠤᠲᠤ ᠪᠦᠷᠬᠦᠪᠴᠢ ︵ᠨᠢᠳᠦ ᠪᠠᠭᠲᠠᠨ᠎ᠠ︶ ᠬᠦᠷᠦᠯᠴᠡᠭᠰᠡᠳ᠂ ᠳᠠᠷᠦ᠋ᠢᠬᠠᠨ ᠶᠡᠭᠡ | ᠬᠡᠮᠵᠢᠶᠡᠨ ᠤ ᠤᠷᠤᠰᠤᠮᠠᠯ ᠴᠡᠪᠡᠷ ᠤᠰᠤ ᠪᠠᠷ 10 ᠮᠢᠨᠦ᠋ᠲ ᠠᠴᠠ ᠳᠡᠭᠡᠭᠰᠢ ᠳᠠᠬᠢᠨ ᠳᠠᠪᠲᠠᠨ ᠤᠬᠢᠶᠠᠬᠤ ᠬᠡᠷᠡᠭᠲᠡᠢ᠃ | 3. ᠤᠤᠭᠤᠵᠦ ᠬᠦᠷᠦᠯᠴᠡᠭᠰᠡᠳ ᠠᠴᠠ ᠦᠨᠢᠶᠡᠨ ᠰᠦ᠂ ᠰᠢᠩᠭᠡᠨ ᠪᠤᠳᠠᠭ᠎ᠠ ᠵᠡᠷᠭᠡ ᠶᠢ ᠤᠤᠭᠤᠵᠤ | ᠬᠤᠳᠣᠭᠤᠳᠣ ᠭᠡᠳᠡᠰᠦᠨ ᠤ ᠰᠠᠯᠢᠰᠤᠲᠤ ᠪᠦᠷᠬᠦᠪᠴᠢ ᠶᠢ ᠬᠠᠮᠠᠭᠠᠯᠠᠬᠤ ᠬᠡᠷᠡᠭᠲᠡᠢ᠃ | 4. ᠬᠡᠷᠪᠡ ᠡᠪᠡᠳᠴᠢᠲᠡᠨ ᠤ ᠬᠦᠷᠦᠯᠴᠡᠬᠦ ᠬᠡᠮᠵᠢᠶ᠎ᠡ ᠨᠢ ᠨᠡᠯᠢᠶᠡᠳ ᠶᠡᠭᠡ ᠪᠤᠶᠤ ᠡᠪᠡᠳᠴᠢᠨ ᠤ ᠰᠢᠨᠵᠢ | ᠲᠡᠮᠳᠡᠭ ᠨᠢ ᠦᠷᠭᠦᠯᠵᠢᠯᠡᠨ ᠰᠠᠶᠢᠵᠢᠷᠠᠭᠰᠠᠨ ᠦᠭᠡᠢ ᠪᠣᠯ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠨ ᠵᠠᠰᠠᠭᠤᠯᠬᠤ | ᠬᠡᠷᠡᠭᠲᠡᠢ᠃ |