ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 2.3 ᠲᠦᠮᠡᠨ ᠤᠶᠤᠳᠠᠨ ᠰᠦᠯᠵᠢᠶᠡᠨ ᠳᠡᠭᠡᠷ᠎ᠡ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2020-03-18
        3 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 2.3 ᠲᠦᠮᠡ ᠭᠠᠷᠤᠶ ᠰᠣᠷᠣᠭᠴᠢ ᠰᠦᠯᠵᠢᠶ᠎ᠡ ᠪᠠᠷ ᠳᠡᠮᠵᠢᠨ᠂ ᠰᠢᠨ᠎ᠡ  ᠰᠤᠷᠤᠯᠭ᠎ᠠ ᠶᠢᠨ ᠬᠤᠭᠤᠴᠠᠭᠠᠨ ᠤ ︽ᠰᠤᠷᠭᠠᠭᠤᠯᠢ ᠡᠬᠢᠯᠡᠬᠦ ᠠᠩᠬᠠᠨ ‍ᠤ‌‍ᠬᠢᠴᠢᠶᠡᠯ︾ ᠢᠶᠠᠨ ᠡᠬᠢᠯᠡᠬᠦᠯᠪᠡ᠃         ᠳᠤᠰ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠬᠢᠴᠢᠶᠡᠯ ᠵᠢᠩᠬᠢᠨᠢ ᠪᠠᠷ ᠡᠬᠢᠯᠡᠵᠦ 572 ᠪᠠᠭᠰᠢ ︽ᠨᠡᠪᠳᠡᠷᠡᠬᠦᠯᠦᠭᠴᠢ︾ ᠪᠣᠯᠵᠣ᠂ ᠬᠢᠴᠢᠶᠡᠯ ᠤᠨ ᠳᠠᠶᠢᠰᠠᠨ ᠠᠴᠠ ︽ᠡᠭᠦᠯᠡᠨ ᠣᠷᠣᠨ ᠵᠠᠶ︾ ᠳᠤ ᠰᠢᠯᠵᠢᠵᠦ᠂ ᠰᠦᠯᠵᠢᠶᠡᠨ ᠳᠡᠬᠡᠷ᠎ᠡ 4148 ᠬᠢᠴᠢᠶᠡᠯ ᠣᠷᠣᠵᠤ᠂ 23154 ᠰᠣᠷᠣᠭᠴᠢ  ᠬᠦᠯᠢᠶᠡᠨ ᠠᠪᠴᠤ ᠰᠤᠨᠤᠰᠤᠭᠰᠠᠨ ᠪᠠᠶᠢᠯ᠎ᠠ᠃ ᠰᠤᠷᠭᠠᠭᠤᠯᠢ ᠠᠴᠠ ᠪᠠᠭᠰᠢ ᠨᠠᠷ ᠤᠨ ᠰᠠᠨᠠᠭᠠᠴᠢᠯᠠᠭᠠᠳᠤ ᠴᠢᠨᠠᠷ ᠢ ᠭᠦᠢᠴᠡᠳ ᠪᠠᠳᠠᠷᠠᠭᠤᠯᠵᠤ᠂ ᠴᠠᠭ ᠲᠤᠬᠠᠶ ᠳᠤᠨᠢ ᠰᠤᠷᠤᠭᠴᠢᠳ ᠤᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠶᠠᠪᠤᠴᠠ ᠪᠠ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠪᠠ ᠦᠨᠡᠯᠡᠨ ᠵᠢᠱᠢᠯᠲᠡ ᠬᠢᠬᠦ ᠬᠡᠷᠡᠭᠲᠡᠶ ᠬᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号