ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ | ︵ᠰᠤᠷᠪᠤᠯᠵᠢᠯᠠᠭᠴᠢ ᠱᠢ ᠢᠦ᠋ᠶ ᠼᠧᠨ᠂ ᠭᠤᠤ ᠯᠸᠢ︶ ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ | ᠣᠶᠢᠯᠠᠭᠠᠭᠰᠠᠨ ᠨᠢ᠂ ᠰᠤᠷᠭᠠᠨ ᠬᠦᠮᠣᠵᠢᠯ ᠤᠨ ᠶᠠᠮᠤᠨ ᠤ ᠤᠶᠤᠲᠠᠳ ᠤᠨ ᠠᠵᠢᠯ ᠣᠯᠭᠤᠯᠲᠠ ᠶᠢᠨ ᠰᠦᠯᠵᠢᠶ᠎ᠡ | ︵ᠰᠢᠨ᠎ᠡ ᠠᠵᠢᠯ ᠮᠡᠷᠭᠡᠵᠢᠯ ᠤᠨ ᠰᠦᠯᠵᠢᠶ᠎ᠡ︶ᠨᠡᠶᠢᠭᠡᠮ ᠤᠨ ᠠᠵᠢᠯᠲᠠᠨ ᠡᠯᠰᠡᠬᠦ 5 ᠰᠦᠯᠵᠢᠶ᠎ᠡ ᠲᠠᠢ ᠬᠠᠮᠲᠤᠷᠠᠨ | ᠡᠷᠭᠢᠯᠡᠭᠰᠡᠨ ︽2020 ᠣᠨ ᠤ ᠲᠡᠭᠡᠳᠣ ᠰᠤᠷᠭᠠᠭᠤᠯᠢ ᠲᠡᠭᠦᠰᠦᠭᠰᠡᠳ ᠲᠤ ᠵᠤᠷᠢᠭᠤᠯᠤᠭᠰᠠᠨ ᠪᠥᠬᠦ ᠤᠯᠤᠰ ᠤᠨ | ᠬᠠᠮᠳᠣᠷᠠᠭᠰᠠᠨ ᠰᠦᠯᠵᠢᠶ᠎ᠡ ᠪᠠᠷ ᠠᠵᠢᠯᠲᠠᠨ ᠡᠯᠰᠡᠬᠦ — — 24365ᠰᠤᠷᠭᠠᠭᠤᠯᠢ ᠶᠢᠨ ᠬᠦᠷᠢᠶᠡᠨ ᠤ ᠠᠵᠢᠯᠲᠠᠨ | ᠡᠯᠰᠡᠬᠦ ᠦᠶᠯᠡᠴᠢᠯᠡᠭᠡ︾ ᠶᠢᠨ ᠠᠵᠢᠯᠯᠠᠭ᠎ᠠ ᠶᠢ 2 ᠰᠠᠷ᠎ᠠ ᠶᠢᠨ 28 ᠤ ᠡᠳᠦᠷ ᠵᠢᠩᠬᠢᠨᠢ ᠪᠠᠷ ᠡᠬᠢᠯᠡᠭᠦᠯᠪᠡ᠃ | ᠠᠵᠢᠯᠯᠠᠭ᠎ᠠ ᠡᠬᠢᠯᠡᠭᠰᠡᠨ ᠨᠢᠭᠡ ᠭᠠᠷᠠᠭ ᠤᠨ ᠲᠤᠷᠰᠢ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠨᠡᠶᠢᠲᠡ 200 ᠭᠠᠷᠤᠶ ᠲᠦᠮᠨ ᠨᠡᠶᠢᠲᠡᠯᠡᠪᠡ᠃ | ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠠᠵᠤ | ᠠᠬᠤᠶ ᠪᠠᠭᠤᠷᠠᠬᠤ ᠳᠠᠷᠤᠯᠲᠠ ᠪᠠ ᠲᠡᠭᠦᠰᠬᠦ ᠰᠤᠷᠤᠭᠴᠢᠳ ᠤᠨ ᠬᠡᠪᠴᠢᠶ᠎ᠡ ᠤᠯᠠᠮ ᠨᠢᠭᠡ ᠠᠯᠬᠤᠮ ᠥᠷᠭᠡᠳᠦᠭᠰᠡᠨ | ᠵᠡᠷᠭᠡ ᠣᠯᠠ ᠬᠦᠴᠦᠨ ᠵᠦᠶᠯ ᠤᠨ ᠨᠥᠯᠥᠭᠡ ᠠᠴᠠ ᠪᠣᠯᠵᠣ᠂ ᠡᠨᠡ ᠵᠢᠯ ᠳᠡᠭᠡᠳᠦ ᠰᠤᠷᠭᠠᠭᠤᠯᠢ ᠲᠡᠭᠦᠰᠦᠭᠰᠡᠳ ᠤᠨ | ᠣᠯᠠᠮᠵᠢᠯᠠᠯᠳᠣ ᠬᠠᠪᠤᠷ ᠤᠨ ᠠᠵᠢᠯᠲᠠᠨ ᠡᠯᠰᠡᠬᠦ ᠠᠵᠢᠯ ᠢᠯᠡᠳᠲᠡ ᠨᠦᠯᠣᠬᠡᠯᠡᠭᠳᠡᠪᠡ᠃ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠤᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠠᠷᠢᠯᠢᠭ | ᠣᠨᠣᠴᠠᠲᠠᠶ ᠪᠠᠷ ᠵᠢᠯᠣᠭᠤᠳᠤᠨ ᠦᠶᠯᠡᠴᠢᠯᠡᠬᠦ ᠶᠢ ᠢᠳᠡᠪᠬᠢᠲᠡᠶ ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ | ᠬᠡᠯᠪᠡᠶᠢᠯᠲᠡ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠶᠢᠨ ᠲᠣᠬᠢᠶᠠᠯ ᠢ ᠬᠠᠮᠤᠭ ᠤᠨ ᠶᠡᠭᠡ ᠬᠡᠮᠵᠢᠶ᠎ᠡ | ᠪᠠᠷ ᠨᠡᠮᠡᠭᠳᠡᠭᠦᠯᠪᠡ᠃ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠬᠦ ᠪᠣᠯ ᠳᠠᠷᠤᠶ ᠲᠡᠭᠦᠨ ᠤ | ᠳᠣᠲᠣᠷᠠᠬᠢ ᠨᠢᠭᠡ ᠵᠦᠶᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠪᠥᠬᠦ ᠤᠯᠤᠰ ᠤᠨ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠮᠡᠳᠡᠭᠡ ᠵᠠᠩᠭᠢ ᠶᠢᠨ ᠵᠥᠪᠯᠡᠯᠭᠡ | ᠥᠭᠬᠦ ᠪᠠ ᠠᠵᠢᠯ ᠣᠯᠭᠤᠯᠳᠠ ᠶᠢ ᠵᠢᠯᠣᠭᠤᠳᠬᠤ ᠲᠥᠪ ᠤᠨ ᠬᠠᠮᠢᠶ᠎ᠠ ᠪᠥᠬᠦᠶ ᠮᠡᠳᠡᠭᠡ ᠵᠠᠩᠭᠢ ᠠᠴᠠ ᠦᠵᠡᠪᠡᠯ᠂ | ︽24365 ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠦᠶᠯᠡᠴᠢᠯᠡᠭᠡ︾ ᠶᠢᠨ ᠠᠵᠢᠯᠯᠠᠭ᠎ᠠ ᠨᠢ ᠳᠡᠭᠡᠳᠦ | ᠰᠤᠷᠭᠠᠭᠤᠯᠢ ᠲᠡᠭᠦᠰᠣᠭ᠍ᠰᠡᠳ ᠤᠨ ᠨᠡᠶᠢᠳᠡᠮ ᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠣᠳᠣᠬᠠᠨ ᠳᠤ᠂ ᠲᠡᠭᠦᠰᠬᠦ | ᠰᠤᠷᠤᠭᠴᠢᠳ ᠤᠨ 6 ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠬᠥᠮᠦᠨ ᠤ ᠲᠤᠭ᠎ᠠ 25 ᠲᠦᠮᠡ ᠨᠡᠮᠡᠭᠳᠡᠵᠦ᠂ | ᠲᠣᠪᠴᠢ ᠨᠠᠮᠲᠠᠷ ᠢᠶᠠᠨ ᠬᠦᠷᠭᠡᠭᠰᠡᠳ 53 ᠲᠦᠮᠡᠨ ᠬᠥᠮᠦᠨ ᠤᠳᠠᠭ᠎ᠠ ᠨᠡᠮᠡᠭᠳᠡᠪᠡ᠃ | ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ | ᠦᠨᠳᠦᠰᠦᠯᠡᠨ᠂ ᠡᠯ᠎ᠡ ᠮᠤᠵᠢ ᠬᠤᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠰᠠᠯᠠᠭ᠎ᠠ | ᠮᠥᠴᠢᠷ ᠪᠣᠯᠤᠨ ᠲᠡᠭᠡᠳᠣ ᠰᠤᠷᠭᠠᠭᠤᠯᠢ ᠨᠤᠭᠤᠳ ᠰᠦᠯᠵᠢᠶᠡᠨ ᠳᠡᠭᠡᠷ᠎ᠡ ᠠᠵᠢᠯᠳᠠᠨ ᠣᠷᠢᠵᠣ ᠡᠯᠰᠡᠬᠦ᠂ ᠰᠦᠯᠵᠢᠶᠡᠨ | ᠳᠡᠭᠡᠷ᠎ᠡ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠵᠡᠷᠭᠡ ᠠᠯᠢ ᠣᠯᠠᠨ ᠠᠵᠢᠯ ᠣᠯᠭᠤᠬᠤ | ᠦᠶᠯᠡᠴᠢᠯᠡᠭᠡ ᠶᠢ ᠢᠳᠡᠪᠬᠢᠲᠡᠶ ᠠᠬᠢᠭᠤᠯᠵᠤ᠂ 3ᠰᠠᠷ᠎ᠠ ᠳᠤ ᠡᠯ᠎ᠡ ᠲᠥᠷᠥᠯ ᠤᠨ ᠰᠦᠯᠵᠢᠶᠡᠨ ᠳᠡᠭᠡᠷ᠎ᠡ ᠠᠵᠢᠯᠳᠠᠨ | ᠣᠷᠢᠵᠣ ᠡᠯᠰᠡᠬᠦ ᠠᠵᠢᠯᠯᠠᠭ᠎ᠠ ᠶᠢ 2 ᠲᠦᠮᠡ ᠭᠠᠷᠤᠶ ᠤᠳᠠᠭ᠎ᠠ ᠡᠷᠭᠢᠯᠡᠬᠦ ᠪᠠᠷ ᠲᠥᠯᠥᠪᠯᠡᠵᠦ ᠪᠠᠶᠢᠨ᠎ᠠ᠃ | |