ᠦᠪᠦᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠠᠳᠤᠭᠤᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠬᠡᠬᠦ ᠳᠤᠰᠬᠠᠢ ᠮᠡᠷᠬᠡᠵᠢᠯ ᠲᠠᠢ ᠪᠤᠯᠤᠯ᠎ᠠ
ᠨᠡᠶᠢᠲᠡᠯᠡᠭᠰᠡᠨ ᠴᠠᠭ᠄
2020-03-19
        ᠲᠦᠷᠦᠬᠦᠬᠡᠨ ᠰᠤᠷᠭᠠᠨ ᠬᠦᠮᠦᠵᠢᠯ ᠤᠨ ᠶᠠᠮᠤᠨ ᠠᠴᠠ  ︽ᠰᠤᠷᠭᠠᠨ  ᠬᠦᠮᠦᠵᠢᠯ ᠤᠨ  ᠶᠠᠮᠤᠨ ᠤ  2019  ᠤᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠢ ᠪᠦᠷᠢᠳᠬᠡᠵᠦ ᠳᠠᠩᠰᠠᠯᠠᠭᠤᠯᠬᠤ ᠪᠠ ᠵᠦᠪᠰᠢᠶᠡᠷᠡᠭᠰᠡᠨ ᠪᠠᠶᠢᠳᠠᠯ ᠤᠨ ᠮᠡᠳᠡᠭᠳᠡᠯ︾ ᠢ ᠨᠡᠶᠢᠳᠡᠯᠡᠯ᠎ᠡ᠃         ᠶᠡᠭᠡ ᠳᠡᠬᠡᠳᠤ ᠰᠤᠷᠭᠠᠭᠤᠯᠢ ᠶᠢᠨ ᠳᠤᠰᠬᠠᠢ ᠮᠡᠷᠬᠡᠵᠢᠯ ᠢ ᠳᠤᠭᠳᠠᠭᠠᠬᠤ ᠳᠤ ᠳᠤᠰᠬᠠᠢ ᠮᠡᠷᠬᠡᠵᠢᠯ ᠢ ᠳᠡᠬᠡᠳᠤ ᠱᠠᠳᠤᠨ ᠳᠤ ᠮᠡᠳᠡᠬᠦᠯᠬᠦ᠂ ᠤᠯᠠᠨ ᠨᠡᠶᠢᠳᠡ ᠳᠤ ᠵᠡᠷᠯᠠᠬᠤ᠂ ᠬᠢᠨᠠᠨ ᠰᠢᠯᠭᠠᠬᠤ ᠵᠡᠷᠬᠡ ᠠᠯᠬᠤᠮ ᠳᠠᠷᠠᠭᠠᠯᠠᠯ ᠢᠶᠠᠷ ᠶᠠᠪᠤᠭᠳᠠᠳᠠᠭ᠃ ᠳᠤᠰᠬᠠᠢ ᠮᠡᠷᠬᠡᠵᠢᠯ ᠢ ᠶᠡᠭᠡ ᠳᠡᠬᠡᠳᠤ ᠰᠤᠷᠭᠠᠭᠤᠯᠢ ᠶᠢᠨ ᠵᠢᠭᠠᠨ ᠰᠤᠷᠭᠠᠯᠳᠠ ᠳᠤ ᠤᠷᠤᠭᠤᠯᠬᠤ ᠡᠰᠡᠬᠦ ᠶᠢ  ᠡᠩ ᠤᠨ ᠶᠡᠭᠡ ᠳᠡᠬᠡᠳᠤ ᠰᠤᠷᠭᠠᠭᠤᠯᠢ ᠶᠢᠨ ᠳᠤᠰᠬᠠᠢ ᠮᠡᠷᠬᠡᠵᠢᠯ ᠢ ᠳᠤᠬᠢᠷᠠᠭᠤᠯᠬᠤ ᠪᠠ ᠵᠢᠭᠠᠨ ᠰᠤᠷᠭᠠᠯᠳᠠ ᠶᠢ ᠵᠢᠯᠤᠭᠤᠳᠬᠤ ᠲᠦᠪ ᠠᠴᠠ ᠰᠤᠳᠤᠯᠤᠨ ᠶᠠᠷᠢᠯᠴᠠᠵᠤ᠂ ᠬᠠᠮᠢᠶ᠎ᠠ ᠪᠦᠬᠦᠢ ᠪᠠᠶᠢᠭᠤᠯᠭ᠎ᠠ ᠶᠢᠨ ᠰᠠᠨᠠᠯ ᠵᠦᠪᠯᠡᠯᠬᠡ ᠪᠠᠷ ᠳᠤᠭᠳᠠᠭᠠᠳᠠᠭ᠃ ᠦᠪᠦᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠬᠡᠭᠰᠢ ᠮᠡᠳᠡᠬᠦᠯᠦᠭᠰᠡᠨ ᠠᠳᠤᠭᠤᠨ ᠤ ᠠᠵᠤ  ᠦᠢᠯᠡᠰ ᠤᠨ ᠰᠢᠨᠵᠢᠯᠡᠬᠦ ᠤᠬᠠᠭᠠᠨ ᠬᠡᠬᠦ ᠳᠤᠰᠬᠠᠢ ᠮᠡᠷᠬᠡᠵᠢᠯ ᠨᠢ ᠬᠠᠮᠢᠶ᠎ᠠ ᠪᠦᠬᠦᠢ ᠬᠢᠨᠠᠨ ᠳᠤᠭᠳᠠᠭᠠᠯᠳᠠ ᠶᠢ ᠦᠩᠬᠡᠷᠡᠭᠡᠵᠦ᠂ ᠳᠤᠰ ᠰᠤᠷᠭᠠᠭᠤᠯᠢ ᠶᠢᠨ ᠳᠤᠰᠬᠠᠢ ᠮᠡᠷᠬᠡᠵᠢᠯ ᠤᠨ ᠨᠢᠬᠡ ᠲᠦᠷᠦᠯ ᠪᠤᠯᠤᠭᠰᠠᠨ ᠪᠠᠶᠢᠨ᠎ᠠ᠃         ᠳᠤᠰ ᠳᠤᠰᠬᠠᠢ ᠮᠡᠷᠬᠡᠵᠢᠯ ᠢ 4 ᠵᠢᠯ ᠤᠨ ᠬᠤᠭᠤᠴᠠᠭ᠎ᠠ ᠲᠠᠢ ᠰᠤᠷᠤᠯᠴᠠᠬᠤ ᠪᠦᠬᠡᠳ ᠳᠠᠷᠢᠶᠠᠯᠠᠩ ᠤᠨ ᠤᠬᠠᠭᠠᠨ ᠤ ᠲᠦᠷᠦᠯ ᠤᠨ ᠰᠤᠷᠤᠯᠭ᠎ᠠ ᠶᠢᠨ ᠨᠠᠮᠳᠠᠷ ᠤᠯᠭᠤᠬᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号