ᠰᠡᠭᠦᠯᠴᠢ ᠶᠢᠨ ᠬᠤᠭᠤᠴᠠᠭᠠᠨ ᠤ ᠬᠤᠳᠣᠭᠤᠳᠣᠨ ᠥᠮᠡᠨ ᠢ ᠵᠠᠰᠠᠬᠤ ᠡᠮ ᠢ ᠬᠡᠷᠡᠭᠯᠡᠬᠦ ᠶᠢ ᠵᠥᠪᠰᠢᠶᠡᠷᠡᠭᠰᠡᠨ ᠠᠴᠠ ᠬᠤᠳᠣᠭᠤᠳᠣᠨ ᠥᠮᠡᠨ ᠡᠪᠡᠳᠴᠢᠲᠡᠨ ᠤ ᠣᠷᠣᠰᠢᠨ ᠠᠮᠢᠳᠤᠷᠠᠬᠤ ᠬᠤᠭᠤᠴᠠᠭ᠎ᠠ ᠬᠤᠶᠠᠷ ᠵᠢᠯ ᠤᠷᠲᠤᠳᠬᠠᠬᠳᠠᠬᠤ ᠪᠤᠯᠤᠮᠵᠢ ᠲᠠᠢ ᠪᠤᠯᠪᠠ
ᠨᠡᠶᠢᠲᠡᠯᠡᠭᠰᠡᠨ ᠴᠠᠭ᠄
2020-03-19
        ᠠᠷᠠᠳ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠣᠣ ᠫᠧᠩ︶ ᠰᠤᠷᠪᠤᠯᠵᠢᠯᠠᠭᠴᠢ ᠥᠴᠥᠭᠡᠳᠦᠷ ᠤᠶᠢᠯᠠᠭᠠᠬᠰᠠᠨ ᠢᠶᠠᠷ᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠩᠭᠡᠷᠡᠭᠰᠡᠨ ᠳᠤ ᠬᠤᠶᠠᠷ ᠪᠤᠶᠤ ᠬᠤᠶᠠᠷ ᠠᠴᠠ ᠳᠡᠭᠡᠭᠰᠢ ᠪᠥᠬᠦ ᠪᠡᠶ᠎ᠡ ᠶᠢᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠳᠤ ᠬᠡᠷᠡᠭᠯᠡᠵᠦ ᠪᠠᠶᠢᠬᠰᠠᠨ  ᠡᠸᠦᠳᠢᠸᠧ ︵ᠨᠠᠦ᠋ᠯᠢᠶᠧᠦ ᠳᠠᠩ ᠡᠰᠡᠷᠭᠦᠴᠡᠭᠴᠢ ᠲᠠᠷᠢᠯᠭ᠎ᠠ ᠶᠢᠨ ᠰᠢᠩᠭᠡᠨ︶ ᠶᠢ ᠰᠡᠭᠦᠯᠴᠢ ᠶᠢᠨ ᠬᠤᠭᠤᠴᠠᠭᠠᠨ ᠤ ᠪᠤᠶᠤ ᠳᠠᠬᠢᠬᠰᠠᠨ ᠬᠤᠳᠣᠭᠤᠳᠣ ᠦᠮᠡᠨ ᠪᠤᠶᠤ ᠬᠤᠳᠣᠭᠤᠳᠣ ᠤᠯᠠᠭᠠᠨ ᠬᠤᠭᠤᠯᠠᠶ ᠶᠢᠨ ᠵᠠᠯᠭᠠᠯᠲᠠ ᠶᠢᠨ ᠬᠡᠰᠡᠭ ᠤᠨ ᠪᠤᠯᠴᠢᠷᠬᠠᠶ ᠶᠢᠨ ᠥᠮᠡᠨ ᠢ ᠵᠠᠰᠠᠬᠤ ᠳᠤ ᠬᠡᠷᠡᠭᠯᠡᠬᠦ ᠶᠢ ᠵᠢᠩᠭᠢᠨᠢ ᠪᠠᠷ ᠵᠦᠪᠰᠢᠶᠡᠷᠡᠪᠡ᠃ ᠤᠯᠤᠰ ᠤᠨ ᠳᠣᠲᠣᠭᠠᠳᠤ ᠶᠢᠨ ᠬᠤᠳᠣᠭᠤᠳᠣᠨ ᠥᠮᠡᠨ ᠡᠪᠡᠳᠴᠢᠲᠡᠨ ᠤ ᠣᠷᠣᠰᠢᠨ ᠠᠮᠢᠳᠤᠷᠠᠬᠤ ᠬᠤᠭᠤᠴᠠᠭ᠎ᠠ ᠬᠤᠶᠠᠷ ᠵᠢᠯ ᠠᠴᠠ ᠳᠡᠭᠡᠭᠰᠢ ᠤᠷᠲᠤᠳᠬᠠᠬᠳᠠᠬᠤ ᠪᠣᠯᠤᠮᠵᠢ ᠲᠠᠢ ᠪᠤᠯᠪᠠ᠃        ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ ᠰᠢᠩᠭᠡᠭᠡᠯᠲᠡ ᠶᠢᠨ ᠬᠠᠪᠤᠳᠠᠷ ᠤᠨ ᠳᠣᠲᠣᠷ ᠰᠠᠯᠠᠭᠠᠨ ᠤ ᠡᠷᠬᠢᠯᠡᠭᠴᠢ  ᠱᠧᠨ ᠯᠢᠨ ᠫᠷᠤᠹᠧᠰᠰᠤᠷ ᠡᠭᠦᠨ ᠤ ᠲᠤᠬᠠᠶ ᠬᠡᠯᠡᠬᠦ ᠳᠡᠭᠡᠨ᠄ ︽ᠡᠨᠡ‌ᠤᠳᠠᠭᠠᠨ ᠤ ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠡᠸᠦᠳᠢᠸᠧ ᠡᠮ ᠢᠶᠠᠷ ᠬᠤᠳᠣᠭᠤᠳᠣᠨ ᠤ   ᠥᠮᠡᠨ ᠳᠤ ᠭᠤᠷᠪᠠᠳᠠᠬᠢ ᠪᠤᠶᠤ ᠭᠤᠷᠪᠠᠳᠠᠬᠢ ᠠᠴᠠ ᠳᠡᠭᠡᠭᠰᠢᠬᠢ ᠡᠮᠴᠢᠯᠡᠭᠡ ᠬᠢᠬᠦ ᠳᠤ ᠡᠮᠴᠢᠯᠡᠭᠡᠨ ᠤ ᠠᠶᠤᠯᠬᠦᠢ ᠴᠢᠨᠠᠷ ᠨᠢ ᠮᠠᠰᠢ ᠰᠠᠶᠢᠨ ᠪᠠᠶᠢᠨ᠎ᠠ᠂ ᠡᠭᠦᠨ ᠳᠤ 61.3% ᠶᠢᠨ ᠡᠪᠡᠳᠴᠢᠲᠡᠨ ᠤ ᠣᠷᠣᠰᠢᠨ ᠠᠮᠢᠳᠤᠷᠠᠬᠤ ᠬᠤᠭᠤᠴᠠᠭ᠎ᠠ ᠨᠢ ᠬᠤᠶᠠᠷ ᠵᠢᠯ ᠠᠴᠠ ᠳᠡᠭᠡᠭᠰᠢ ᠤᠷᠳᠤᠳᠬᠠᠬᠳᠠᠬᠤ ᠪᠤᠯᠤᠨ᠎ᠠ᠃ ᠡᠨᠡ ᠨᠢ ᠪᠠᠰᠠ ᠰᠡᠭᠦᠯᠴᠢ ᠶᠢᠨ ᠬᠤᠭᠤᠴᠠᠭᠠᠨ ᠤ ᠬᠤᠳᠣᠭᠤᠳᠣᠨ ᠥᠮᠡᠨ ᠢ ᠡᠮᠨᠡᠨ ᠵᠠᠰᠠᠬᠤ ︿ᠡᠮ ᠲᠤᠳᠠᠬᠳᠠᠵᠤ ᠪᠠᠶᠢᠬᠰᠠᠨ﹀ ᠢ ᠨᠥᠬᠦᠪᠥᠷᠢᠯᠡᠵᠦ᠂ ᠡᠮᠴᠢᠯᠡᠭᠡᠨ ᠳᠤ ᠡᠮ ᠳᠤᠲᠠᠵᠦ ᠪᠠᠶᠢᠬᠰᠠᠨ ᠬᠥᠰᠢᠭᠦᠨ ᠪᠠᠶᠢᠳᠠᠯ ᠢ ᠡᠪᠳᠡᠭᠰᠡᠨ ᠪᠠᠶᠢᠨ᠎ᠠ︾ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号