ᠬᠤᠶᠠᠷ ᠰᠠᠯᠠᠭ᠎ᠠ ᠮᠥᠴᠢᠷ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠲᠤ ᠬᠠᠨᠳᠤᠭᠤᠯᠤᠭᠰᠠᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠡᠯᠰᠡᠭᠦ ᠡᠷᠴᠢᠮ ᠢ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2020-03-24
        ᠠᠷᠠᠳ ᠤᠨ ᠰᠦᠯᠵᠢᠶ᠎ᠡ ᠶᠢᠨ ᠪᠡᠭᠡᠵᠢᠩ ᠤᠨ 3 ᠰᠠᠷ᠎ᠠ ᠶᠢᠨ 16 ᠤ ᠡᠳᠦᠷ ᠤᠨ ᠮᠡᠳᠡᠭᠡ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠠᠷᠭᠠᠴᠠᠵᠤ ᠠᠵᠢᠯ ᠦᠢᠯᠡᠰ ᠤᠨ ᠨᠢᠭᠡᠴᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠢ ᠢᠯᠡ ᠪᠠᠷ ᠤᠷᠢᠵᠤ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂  ᠣᠷᠣᠨ ᠱᠠᠲᠤ ᠬᠤᠪᠢᠶᠠᠨ ᠨᠠᠷᠢᠨ ᠣᠨᠣᠪᠴᠢᠲᠠᠶ ᠪᠠᠷ ᠰᠡᠷᠭᠡᠶᠢᠯᠡᠨ ᠬᠤᠷᠢᠬᠯᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠬᠠᠮᠲᠤ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠡᠯᠰᠡᠬᠦ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃         ᠮᠡᠳᠡᠭᠳᠡᠯ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠲᠤ ᠬᠠᠨᠳᠤᠭᠤᠯᠤᠭᠰᠠᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠵᠤ ᠡᠯᠰᠡᠭᠦ ᠡᠷᠴᠢᠮ ᠢ ᠴᠢᠩᠭᠠᠷᠠᠭᠤᠯᠵᠤ᠂ ᠡᠨᠡ ᠵᠢᠯ ᠪᠠ ᠢᠷᠡᠬᠦ ᠵᠢᠯ ᠳᠤ ᠠᠵᠢᠯ ᠦᠢᠯᠡᠰ ᠤᠨ ᠨᠢᠭᠡᠴᠡ ᠶᠢᠨ ᠬᠤᠭᠤᠰᠣᠨ ᠠᠵᠢᠯ ᠤᠨ ᠪᠠᠶᠢᠷᠢ ᠶᠢ ᠭᠤᠤᠯᠳᠠᠭᠤ ᠶᠡᠭᠡ ᠳᠡᠭᠡᠳᠦ ᠰᠤᠷᠭᠠᠭᠤᠯᠢ  ᠲᠡᠭᠦᠰᠦᠭᠰᠡᠨ ᠤᠶᠤᠳᠠᠳ ᠢ ᠲᠤᠰᠬᠠᠶ ᠤᠷᠢᠵᠤ ᠡᠯᠰᠡᠭᠦ ᠳᠤ ᠬᠡᠷᠡᠭᠯᠡᠨ᠎ᠡ ︵ᠠᠵᠢᠯ ᠰᠣᠩᠭᠤᠬᠤ ᠬᠤᠭᠤᠴᠠᠭᠠᠨ ᠳᠤ ᠠᠵᠢᠯᠯᠠᠬᠤ ᠨᠢᠭᠡᠴᠡ ᠪᠠᠨ ᠨᠠᠶᠢᠳᠠᠪᠤᠷᠢᠵᠢᠭᠤᠯᠤᠭᠠᠳᠤᠢ ᠶᠡᠭᠡ  ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠪᠠᠭᠲᠠᠨ᠎ᠠ︶᠃ ᠡᠭᠦᠨ ᠳᠤ ᠬᠤᠪᠧᠶ ᠮᠤᠵᠢ ᠶᠢᠨ ᠠᠵᠢᠯ ᠦᠢᠯᠡᠰ ᠤᠨ ᠨᠢᠭᠡᠴᠡ ᠨᠢ ᠬᠤᠪᠧᠶ ᠮᠤᠵᠢ ᠶᠢᠨ ᠶᠡᠭᠡ ᠲᠡᠭᠡᠲᠦ ᠰᠤᠷᠭᠠᠭᠤᠯᠢ ᠲᠡᠭᠦᠰᠦᠭᠰᠡᠨ ᠤᠶᠤᠳᠠᠳ ᠪᠤᠶᠤ ᠬᠤᠪᠧᠶ ᠨᠤᠲᠤᠭ ᠲᠠᠢ ᠶᠡᠭᠡ ᠲᠡᠭᠡᠲᠦ ᠰᠤᠷᠭᠠᠭᠤᠯᠢ ᠲᠡᠭᠦᠰᠦᠭᠰᠡᠨ ᠤᠶᠤᠳᠠᠳ ᠢ ᠲᠤᠰᠬᠠᠢ ᠤᠷᠢᠵᠤ ᠡᠯᠰᠡᠵᠦ ᠪᠤᠯᠤᠨ᠎ᠠ᠃ ᠠᠵᠢᠯ ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠤᠷᠢᠵᠤ ᠡᠯᠰᠡᠭᠦ ᠠᠯᠪᠠᠨ ᠵᠠᠷ ᠢ ᠡᠷᠲᠡᠭᠡᠨ‌ᠨᠡᠶᠢᠲᠡᠯᠡᠵᠦ᠂ ᠮᠡᠳᠡᠭᠡ ᠵᠠᠩᠭᠢ ᠨᠡᠶᠢᠲᠡᠯᠡᠬᠦ ᠬᠦᠷᠢᠶ᠎ᠠ ᠬᠡᠪᠴᠢᠶ᠎ᠡ ᠪᠣᠯᠤᠨ ᠨᠡᠶᠢᠭᠡᠮ ᠤᠨ ᠮᠡᠳᠡᠬᠦ ᠬᠡᠮᠵᠢᠶ᠎ᠡ ᠶᠢ ᠥᠷᠭᠡᠳᠬᠡᠵᠦ᠂ ᠶᠡᠭᠡ ᠲᠡᠭᠡᠲᠦ ᠰᠤᠷᠭᠠᠭᠤᠯᠢ ᠲᠡᠭᠦᠰᠦᠭᠰᠡᠨ ᠤᠶᠤᠳᠠᠳ ᠲᠤ ᠴᠠᠭ ᠲᠤᠬᠠᠶ ᠳᠤᠨᠢ ᠠᠵᠢᠯ ᠤᠨ ᠪᠠᠶᠢᠷᠢ ᠶᠢᠨ ᠮᠡᠳᠡᠭᠡ ᠵᠠᠩᠭᠢ  ᠬᠠᠩᠭᠠᠵᠤ᠂ ᠠᠵᠢᠯ ᠣᠯᠬᠤ ᠲᠣᠬᠢᠶᠠᠯ ᠢ ᠨᠡᠮᠡᠭᠳᠡᠭᠦᠯᠬᠦ ᠬᠡᠷᠡᠭᠲᠡᠶ᠃ ᠶᠡᠭᠡ ᠲᠡᠭᠡᠲᠦ ᠰᠤᠷᠭᠠᠭᠤᠯᠢ ᠲᠡᠭᠦᠰᠦᠭᠰᠡᠨ ᠤᠶᠤᠳᠠᠳ ᠤᠨ ᠬᠠᠳᠠᠭᠤ ᠪᠡᠷᠭᠡᠰᠢᠶᠡᠯᠲᠡᠢ ᠵᠠᠬ᠎ᠠ ᠬᠢᠵᠠᠭᠠᠷ ᠣᠷᠣᠨ ᠤ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠡ ᠳᠤ ᠣᠴᠢᠵᠤ ᠠᠵᠢᠯᠯᠠᠬᠤ ᠶᠢ ᠢᠳᠡᠪᠬᠢᠲᠡᠶ ᠪᠠᠷ ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠬᠡᠷᠡᠭᠲᠡᠶ᠃ ᠬᠠᠳᠠᠭᠤ  ᠪᠡᠷᠭᠡᠰᠢᠶᠡᠯᠲᠡᠢ ᠵᠠᠬ᠎ᠠ ᠬᠢᠵᠠᠭᠠᠷ ᠣᠷᠣᠨ ᠤ ᠰᠢᠶᠠᠩ ᠪᠠᠯᠭᠠᠰᠤᠨ ᠤ ᠠᠵᠢᠯ ᠦᠢᠯᠡᠰ ᠤᠨ ᠨᠢᠭᠡᠴᠡ ᠨᠢ ᠵᠢᠩᠬᠢᠨᠢ ᠠᠩᠭᠢ ᠠᠴᠠ ᠳᠡᠭᠡᠭᠰᠢᠬᠢ ᠶᠡᠭᠡ ᠳᠡᠭᠡᠳᠦ ᠰᠤᠷᠭᠠᠭᠤᠯᠢ  ᠲᠡᠭᠦᠰᠦᠭᠰᠡᠨ ᠤᠶᠤᠳᠠᠨ ᠢ ᠤᠷᠢᠵᠤ ᠡᠯᠰᠡᠭᠦ᠂ ᠰᠢᠶᠠᠨ ᠤ ᠱᠠᠲᠤᠨ ᠤ ᠠᠵᠢᠯ ᠦᠢᠯᠡᠰ ᠤᠨ ᠨᠢᠭᠡᠴᠡ ᠨᠢ ᠮᠠᠰᠲ᠋ᠧᠷ ᠠᠴᠠ ᠳᠡᠭᠡᠭᠰᠢᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠨ ᠢ ᠤᠷᠢᠵᠤ ᠡᠯᠰᠡᠭᠦ ᠵᠢᠴᠢ ᠠᠵᠢᠯ ᠲᠥᠷᠥᠯ᠂ ᠠᠵᠢᠯ ᠤᠨ ᠪᠠᠶᠢᠷᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠨ ᠢ ᠤᠷᠢᠵᠤ ᠡᠯᠰᠡᠭᠦ ᠳᠤ ᠨᠢᠭᠤᠷᠲᠠᠨ ᠰᠢᠯᠭᠠᠬᠤ᠂ ᠰᠢᠭᠤᠳ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠᠷ‌ᠢᠯᠡ ᠪᠠᠷ ᠤᠷᠢᠨ ᠡᠯᠰᠡᠵᠦ ᠪᠣᠯᠤᠨ᠎ᠠ︔ ᠤᠷᠢᠭᠳᠠᠭᠰᠠᠳ ᠤᠨ ᠨᠡᠷ᠎ᠡ ᠮᠡᠳᠡᠭᠦᠯᠬᠦ᠂ ᠲᠤᠰᠬᠠᠶ ᠮᠡᠷᠭᠡᠵᠢᠯ ᠤᠨ ᠲᠠᠷᠬᠠᠯᠲᠠ ᠵᠡᠷᠭᠡ ᠪᠠᠶᠢᠳᠠᠯ ᠢ ᠦᠨᠳᠦᠰᠦᠯᠡᠨ ᠰᠢᠯᠭᠠᠯᠳᠠ  ᠡᠬᠢᠯᠡᠭᠦᠯᠭᠦ ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠪᠤᠶᠤ ᠰᠢᠯᠭᠠᠯᠲᠠ ᠡᠬᠢᠯᠡᠬᠦᠯᠭᠦ ᠬᠠᠷᠢᠴᠠᠯ ᠭᠠᠷᠭᠠᠬᠤ ᠥᠬᠡᠶ ᠪᠠᠶᠢᠵᠤ᠂ ᠬᠢᠷᠢ ᠲᠡᠩᠴᠡᠬᠦ ᠱᠤᠭᠤᠮ ᠢ ᠲᠤᠬᠳᠠᠭᠠᠵᠤ ᠪᠤᠯᠤᠨ᠎ᠠ᠃ ᠶᠡᠭᠡ ᠲᠡᠭᠡᠲᠦ ᠰᠤᠷᠭᠠᠭᠤᠯᠢ ᠲᠡᠭᠦᠰᠦᠭᠰᠡᠨ ᠤᠶᠤᠳᠠᠳ ᠤᠨ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾ ᠦᠨᠳᠦᠰᠦᠨ ᠱᠠᠲᠤᠨ ᠳᠤ ᠦᠢᠯᠡᠴᠢᠯᠡᠭᠦ ᠲᠥᠷᠥᠯ ᠵᠦᠢᠯ ᠤᠨ ᠲᠥᠯᠥᠪᠯᠡᠭᠡ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠬᠡᠷᠡᠭᠲᠡᠢ ᠭᠡᠵᠦ ᠲᠤᠳᠤᠷᠬᠠᠢᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号