ᠬᠤᠲᠠ ᠶᠢᠨ ᠤᠳᠤᠷᠢᠳᠤᠯᠭ᠎ᠠ ᠰᠢᠭᠤᠶᠢᠲᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-25
        3 ᠳ᠋ᠤᠭᠠᠷ ᠰᠠᠷ᠎ᠠ ᠶᠢᠨ 18 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ ᠴᠧᠨ ᡁᠢ ᠰᠢᠭᠤᠶᠢᠲᠤ ᠲᠣᠭᠤᠷᠢᠭ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠲᠠᠪᠣᠷᠢᠵᠢᠭᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠪᠠ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃         ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠵᠧᠤ ᡁᠢ ᠨᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠠᠷᠢᠨ ᠪᠢᠴᠢᠭ ᠤᠨ ᠳᠠᠷᠤᠭ᠎ᠠ ᠯᠢᠦ ᠰᠢᠶᠤᠤ ᠳ᠋ᠦᠩ︔ ᠲᠣᠭᠤᠷᠢᠭ  ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠰᠢᠨ ᠴᠦᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠡᠷᠬᠢᠯᠡᠭᠴᠢ ᠸᠠᠩ ᠸᠧᠶ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠶ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠩ ᠵᠢᠴᠢ ᠬᠤᠯᠪᠣᠭᠳᠠᠯ ᠪᠥᠬᠦᠶ ᠭᠠᠵᠠᠷ ᠣᠷᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠣᠳᠣᠯᠬᠤ ᠠᠵᠢᠯᠯᠠᠭ᠎ᠠ ᠳᠤ ᠣᠷᠣᠯᠴᠠᠵᠠᠶ᠃         ᠡᠮᠦᠨᠡᠬᠢ ᠬᠤᠭᠤᠴᠠᠭᠠᠨ ᠳᠤ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠰᠠᠭᠤᠷᠢᠨ ᠳᠡᠭᠡᠷ᠎ᠡ᠂ ᠴᠧᠨ ᡁᠢ ᠨᠡᠷ ᠪᠠᠳᠺᠠᠷ ᠰᠦᠮ᠎ᠡ ᠪᠠᠯᠭᠠᠰᠤᠨ ᠤ ᠭᠠᠩ ᠹᠠᠩ ᠳ᠋ᠢ ᠲᠣᠰᠬᠤᠨ᠂ ᠰᠢᠨ ᠱᠤ ᠭᠤᠸᠠᠩ ᠲᠣᠰᠬᠤᠨ ᠳᠤ ᠬᠦᠷᠴᠦ ᠬᠦᠯᠡᠮᠵᠢ ᠶᠢᠨ ᠥᠭᠡᠷᠡᠴᠢᠯᠡᠯᠲᠡ᠂ ᠬᠤᠨᠢᠨ ᠭᠡᠳᠡᠰᠦᠨ ᠤ ᠪᠠᠺᠲ᠋ᠧᠷᠢ ᠳᠠᠷᠢᠬᠤ ᠵᠡᠷᠭᠡ ᠠᠵᠤ ᠦᠢᠯᠡᠰ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠣᠰᠬᠤᠨ ᠳᠤ ᠰᠠᠭᠤᠵᠤ ᠶᠠᠳᠠᠭᠤ ᠶᠢ ᠲᠡᠳᠬᠦᠬᠦ ᠠᠵᠢᠯ ᠤᠨ ᠠᠩᠭᠢ ᠶᠢᠨ ᠠᠵᠢᠯᠲᠠᠨ ᠢ ᠪᠣᠯᠭᠤᠭᠠᠨ ᠦᠵᠡᠪᠡ᠃         ᠴᠧᠨ ᡁᠢ ᠰᠢᠭᠤᠶᠢᠲᠣ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠢᠯᠡᠳᠲᠡ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠲᠠᠪᠣᠷᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠵᠤ  ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ᠂ ᠣᠷᠣᠰᠢᠨ ᠲᠣᠭᠲᠠᠨᠢᠬᠤ ᠨᠥᠬᠦᠴᠡᠯ ᠪᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠳᠤ ᠰᠠᠭᠤᠷᠢᠯᠠᠵᠤ᠂ ᠠᠵᠤ ᠦᠢᠯᠡᠰ ᠤᠨ ᠠᠵᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃         ᠴᠧᠨ ᡁᠢ ᠱᠠᠭᠠᠷᠳᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠥᠩᠭᠡᠷᠡᠭᠰᠡᠨ ᠤ ᠬᠢ ᠲᠠᠢ ᠠᠳᠠᠯᠢ ᠪᠠᠷ ᠰᠢᠭᠤᠶᠢᠲᠤ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠬᠦᠴᠦᠨ ᠨᠡᠮᠡᠷᠢᠯᠡᠵᠦ᠂ ᠪᠣᠳᠠᠲᠤ ᠬᠦᠴᠦᠨ ᠲᠠᠢ᠂ ᠵᠠᠬ᠎ᠠ ᠳᠡᠯᠭᠡᠭᠦᠷ ᠲᠠᠢ᠂ ᠪᠠᠯᠠ ᠣᠷᠣᠭᠤᠯᠬᠤ ᠬᠦᠰᠡᠯ ᠡᠷᠡᠮᠡᠯᠵᠡᠯ ᠲᠠᠢ ᠠᠵᠤ ᠠᠬᠤᠶᠢᠯᠠᠯᠲᠠᠨ ᠭᠡᠰᠢᠭᠦᠳ ᠢ ᠢᠳᠡᠪᠬᠢᠲᠡᠶ ᠲᠠᠨᠢᠯᠴᠠᠭᠤᠯᠵᠤ᠂ ᠭᠠᠵᠠᠷ ᠣᠷᠣᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠳᠠᠶᠢᠴᠢᠯᠠᠬᠤ ᠬᠡᠷᠡᠭᠲᠡᠶ᠃ ᠪᠥᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠡᠶᠢᠭᠡᠮ ᠤᠨ ᠬᠠᠷᠢᠭᠤᠴᠠᠯᠭ᠎ᠠ   ᠶᠢ ᠢᠳᠡᠪᠬᠢᠲᠡᠶ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠤᠯ ᠲᠡᠶᠢᠨ ᠤ ᠲᠠᠯᠠᠪᠤᠷ ᠲᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号