ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠭᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠴᠠᠭ ᠢ ᠦᠷᠭᠦᠯᠵᠢᠯᠡᠨ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020-03-25
        ᠦᠪᠣᠷ ᠮᠣᠩᠭᠤᠯ ᠤᠨ ᠡᠳᠤᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᡁᠢ ᠰᠢᠶᠠᠨ︶ 3 ᠰᠠᠷ᠎ᠠ  ᠶᠢᠨ 16   ᠤ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ   ᠤᠨ2020 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠠᠭ ᠢ ᠦᠷᠭᠦᠯᠵᠢᠯᠡᠨ ᠬᠤᠶᠢᠰᠢᠯᠠᠭᠤᠯᠵᠤ᠂ ᠪᠣᠳᠠᠲᠠᠢ ᠰᠤᠷᠭᠠᠭᠤᠯᠢ ᠡᠬᠢᠯᠡᠬᠦ ᠡᠳᠦᠷ ᠬᠤᠭᠤᠴᠠᠭ᠎ᠠ ᠶᠢ ᠨᠢᠭᠡ ᠭᠠᠷᠠᠭ  ᠤᠨ ᠡᠮᠣᠨ᠎ᠡ ᠣᠷᠢᠳᠴᠢᠯᠠᠨ ᠮᠡᠳᠡᠭᠳᠡᠬᠦ ᠪᠠᠷ ᠪᠤᠯᠪᠠ᠃        ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠳᠡᠭᠡᠳᠦ ᠰᠤᠷᠭᠠᠭᠤᠯᠢ ᠨᠤᠭᠤᠳ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠰᠡᠷᠭᠡᠶᠢᠯᠡᠨ ᠬᠠᠮᠠᠭᠠᠯᠠᠬᠤ ᠡᠳ᠋ ᠪᠠᠷᠠᠭ᠎ᠠ ᠶᠢ ᠰᠠᠶᠢᠲᠤᠷ ᠪᠠᠲᠤᠯᠠᠵᠦ᠂ ᠰᠤᠷᠭᠠᠭᠤᠯᠢ ᠡᠬᠢᠯᠡᠬᠦ ᠨᠥᠬᠦᠴᠡᠯ ᠢ ᠦᠨᠡᠯᠡᠨ ᠵᠢᠱᠢᠬᠦ ᠪᠡᠯᠡᠳᠬᠡᠯ ᠠᠵᠢᠯ ᠢ ᠡᠬᠢᠯᠡᠭᠦᠯᠵᠦ᠂ ᠪᠠᠭᠰᠢ ᠠᠵᠢᠯᠲᠠᠨ ᠠᠵᠢᠯᠴᠢᠨ ᠢ ᠡᠮᠬᠢ ᠵᠢᠷᠤᠮ ᠲᠠᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠪᠠᠶᠢᠷᠢᠯᠠᠵᠣ ᠪᠠᠶᠢᠭ᠎ᠠ ᠭᠠᠵᠠᠷ ᠲᠤᠨᠢ ᠬᠠᠷᠢᠭᠤᠯᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号