ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠣᠷᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020-03-27
        ᠠᠷᠠᠳ ᠤᠨ ᠰᠦᠯᠵᠢᠶ᠎ᠡ ᠶᠢᠨ ᠪᠡᠭᠡᠵᠢᠩ ᠤᠨ 3 ᠰᠠᠷ᠎ᠠ ᠶᠢᠨ 18 ᠤ ᠡᠳᠦᠷ ᠤᠨ ᠮᠡᠳᠡᠭᠡ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠯᠪᠠᠨ ᠲᠢᠩᠬᠢᠮ ᠳᠤ ᠮᠡᠳᠡᠭᠳᠡᠯ ᠪᠠᠭᠤᠯᠭᠠᠵᠤ᠂ 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠣᠷᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠲᠤᠬᠠᠢ ᠪᠣᠳᠠᠲᠠᠶ ᠲᠣᠬᠢᠷᠠᠭᠤᠯᠤᠯᠲᠠ ᠬᠢᠪᠠ᠃         ᠮᠡᠳᠡᠭᠳᠡᠯ ᠳᠤ᠂ ᠲᠣᠰ ᠤᠳᠠᠭᠠᠨ ᠤ ᠬᠢᠨᠠᠨ ᠵᠢᠯᠣᠭᠤᠳᠣᠯᠭ᠎ᠠ ᠨᠢ ᠭᠤᠤᠯᠳᠠᠭᠤ 2020 ᠣᠨ ᠤ ᠵᠢᠯ ᠤᠨ ᠡᠴᠦᠰ ᠠᠴᠠ ᠡᠮᠦᠨ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ  ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠡᠯ᠎ᠡ ᠭᠠᠵᠠᠷ ᠤᠨ ᠬᠢᠨ ᠤ ᠣᠶᠢᠷ᠎ᠠ ᠶᠢᠨ ᠭᠤᠷᠪᠠᠨ ᠵᠢᠯ ᠤᠨ ᠲᠤᠷᠰᠢᠭᠢ ᠶᠡᠷᠦᠩᠬᠡᠶ ᠬᠠᠷᠠᠯᠲᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠤᠭᠰᠠᠨ ᠪᠠᠶᠢᠳᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢᠨ ᠴᠠᠯᠢᠩ ᠤᠨ ᠣᠷᠣᠯᠭ᠎ᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠭᠰᠠᠨ ᠪᠠᠶᠢᠳᠠᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠣᠷᠣᠯᠭ᠎ᠠ ᠶᠢ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠤᠨ ᠣᠷᠣᠯᠭ᠎ᠠ ᠲᠠᠢ ᠲᠠᠭᠠᠯᠳᠤᠭᠤᠯᠤᠨ ᠬᠥᠳᠡᠯᠦᠩᠭᠦᠢ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠨ᠎ᠠ ᠭᠡᠵᠦ ᠲᠤᠳᠤᠷᠬᠠᠢᠢᠯᠠᠪᠠ᠃         ᠮᠡᠳᠡᠭᠳᠡᠯ ᠳᠤ᠂ ᠬᠢᠨᠠᠨ ᠵᠢᠯᠣᠭᠤᠳᠬᠤ ᠳᠤ ᠣᠷᠣᠨ ᠨᠤᠲᠤᠭ ᠦᠪᠡᠰᠦᠪᠡᠨ ᠪᠠᠶᠢᠴᠠᠭᠠᠬᠤ ᠪᠠ ᠤᠯᠤᠰ ᠠᠴᠠ ᠬᠢᠨᠠᠨ ᠵᠢᠯᠣᠭᠤᠳᠬᠤ ᠬᠤᠶᠠᠷ ᠱᠠᠲᠤ ᠦᠶ᠎ᠡ ᠬᠤᠪᠢᠶᠠᠨ᠎ᠠ᠃  2020 ᠣᠨ ᠤ 3 ᠰᠠᠷ᠎ᠠ — 7 ᠰᠠᠷ᠎ᠠ ᠪᠤᠯᠳᠠᠯ᠎ᠠ᠂ ᠡᠯ᠎ᠡ ᠭᠠᠵᠠᠷ ᠤᠨ ᠬᠢᠨ ᠬᠢᠨᠠᠨ ᠵᠢᠯᠣᠭᠤᠳᠬᠤ ᠠᠭᠤᠯᠭ᠎ᠠ ᠲᠠᠢ ᠬᠠᠷᠢᠴᠠᠭᠤᠯᠤᠨ ᠵᠠᠬ᠎ᠠ ᠳᠠᠷᠠᠭᠠᠯᠠᠨ ᠪᠥᠬᠦ ᠲᠠᠯ᠎ᠠ ᠪᠠᠷ  ᠥᠪᠡᠰᠦᠪᠡᠨ ᠪᠠᠶᠢᠴᠠᠭᠠᠵᠤ᠂ ᠵᠠᠷᠴᠢᠮ ᠳᠡᠭᠡᠷ᠎ᠡ ᠪᠠᠨ ᠪᠣᠶ ᠪᠥᠬᠦᠶ ᠰᠢᠶᠠᠨ ︵ᠬᠤᠲᠠ᠂ ᠲᠣᠭᠤᠷᠢᠭ︶ ᠢ ᠬᠠᠮᠤᠷᠤᠬᠰᠠᠨ ᠪᠠᠶᠢᠬᠤ ᠬᠡᠷᠡᠭᠲᠡᠢ︔ 9 ᠰᠠᠷ᠎ᠠ — 10 ᠰᠠᠷ᠎ᠠ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠲᠤᠷᠠᠭᠰᠠᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠣᠳᠠᠲᠠᠶ ᠭᠠᠵᠠᠷ ᠲᠤᠨᠢ ᠬᠢᠨᠠᠨ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠬᠤ  ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠤᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号