ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠲᠠᠨ᠎ᠠ᠄ | ᠡᠨᠡ ᠵᠢᠯ ᠤᠨ ᠬᠠᠩᠰᠢ ᠶᠢᠨ ᠬᠤᠭᠤᠴᠠᠭᠠᠨ ᠳᠤ ᠶᠠᠭ ᠰᠠᠶᠢᠬᠠᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷᠭᠦᠯᠵᠢᠯᠡᠨ ᠰᠠᠶᠢᠵᠢᠷᠠᠬᠤ ᠪᠠᠶᠢᠳᠠᠯ ᠢ ᠤᠯᠠᠮ ᠨᠢᠭᠡ ᠠᠯᠬᠤᠮ | ᠪᠠᠬᠢᠵᠢᠭᠦᠯᠵᠦ᠂ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠂ ᠣᠯᠠᠨ ᠲᠦᠮᠡᠨ ᠤ ᠠᠮᠢ ᠨᠠᠰᠤ | ᠪᠠ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠮᠠᠨ ᠤ ᠬᠤᠲᠠ ᠶᠢᠨ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠤᠨ ᠬᠠᠩᠰᠢ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠤᠬᠠᠶ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠣᠬᠢᠷᠲᠤᠯ ᠥᠬᠡᠶ᠂ | ᠪᠣᠯᠪᠠᠰᠤᠨ᠂ ᠳᠥᠭᠦᠮ ᠠᠪᠰᠠᠷᠬᠠᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠡᠳᠦᠭᠡ ᠪᠥᠬᠦ | ᠬᠤᠲᠠ ᠳᠤ ᠳᠣᠤᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠪᠠ᠄ | ᠨᠢᠭᠡ ᠳᠤ᠂ ᠰᠦᠯᠵᠢᠶ᠎ᠡ ᠪᠠᠷ ᠲᠠᠬᠢᠯᠭ᠎ᠠ ᠬᠢᠵᠦ᠂ ᠭᠠᠳᠠᠭᠰᠢ ᠭᠠᠷᠬᠤ ᠶᠢ ᠴᠦᠬᠡᠳᠬᠡᠬᠦ | ᠲᠠᠬᠢᠯᠭ᠎ᠠ ᠶᠢᠨ ᠠᠵᠢᠯᠯᠠᠭ᠎ᠠ ᠨᠢ ᠰᠡᠳᠬᠢᠯ ᠳᠤ ᠪᠠᠶᠢᠵᠣ ᠬᠠᠷᠢᠨ ᠬᠡᠯᠪᠡᠷᠢ ᠳᠤ ᠪᠠᠷᠢᠭᠳᠠᠬᠤ ᠥᠬᠡᠶ᠂ | ᠰᠦᠯᠵᠢᠶ᠎ᠡ ᠪᠠᠷ ᠲᠠᠬᠢᠯᠭ᠎ᠠ ᠬᠢᠬᠦ ᠶᠢ ᠶᠡᠬᠡᠪᠡᠷ ᠰᠠᠨᠠᠭᠠᠴᠢᠯᠠᠵᠤ᠂ ᠰᠦᠯᠵᠢᠶᠡᠨ ᠳᠡᠭᠡᠷ᠎ᠡ ᠴᠡᠴᠡᠭ ᠡᠷᠭᠦᠬᠦ᠂ ᠦᠭᠡ | ᠦᠯᠡᠳᠡᠭᠡᠵᠦ ᠦᠭᠡ ᠬᠡᠯᠡᠬᠦ ᠵᠡᠷᠭᠡ ᠬᠡᠯᠪᠡᠷᠢ ᠪᠠᠷ ᠤᠷᠢᠳᠤᠬᠢ ᠬᠥᠮᠦᠰ ᠢᠶᠠᠨ ᠡᠷᠭᠢᠴᠡᠭᠦᠯᠦᠨ ᠰᠠᠨᠠᠭᠠᠯᠵᠠᠵᠤ᠂ | ᠳᠤᠷᠠᠰᠤᠨ ᠰᠠᠨᠠᠭᠠᠯᠵᠠᠵᠤ ᠨᠠᠶᠢᠳᠠᠯᠭ᠎ᠠ ᠲᠠᠯᠪᠢᠬᠤ᠂ ᠲᠤᠬᠠᠶ ᠶᠢᠨ ᠲᠠᠯᠠᠪᠤᠷ ᠲᠤ ᠲᠠᠬᠢᠯᠭ᠎ᠠ ᠲᠠᠯᠪᠢᠬᠤ ᠶᠢ ᠪᠠᠭᠠᠰᠬᠠᠵᠤ᠂ | ᠭᠠᠳᠠᠭᠰᠢ ᠭᠠᠷᠴᠤ ᠡᠪᠦᠭᠡ ᠳᠡᠭᠡᠳᠦᠰ ᠢᠶᠠᠨ ᠲᠠᠬᠢᠬᠤ ᠶᠢ ᠲᠦᠷ ᠠᠯᠭᠤᠷᠯᠠᠨ᠂ ᠬᠥᠮᠦᠰ ᠲᠥᠪᠯᠡᠷᠡᠨ ᠬᠢᠵᠢᠭ ᠤᠨ | ᠡᠪᠡᠳᠴᠢᠨ ᠳᠡᠯᠭᠡᠷᠡᠬᠦ ᠠᠴᠠ ᠵᠠᠶᠢᠯᠠᠰᠬᠢᠨ᠎ᠡ᠃ | ᠬᠤᠶᠠᠷ ᠲᠤ᠂ ᠭᠠᠳᠠᠨ᠎ᠠ ᠲᠠᠬᠢᠯᠭ᠎ᠠ ᠬᠢᠵᠦ᠂ ᠨᠤᠲᠤᠭ ᠲᠠᠭᠠᠨ ᠬᠠᠷᠢᠬᠤ ᠶᠢ ᠪᠠᠭᠠᠰᠬᠠᠬᠤ | ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ᠨᠢ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠨᠢᠭᠡᠨᠲᠡ ᠪᠥᠬᠦ ᠪᠥᠮᠪᠥᠷᠴᠡᠭ ᠲᠤ ᠶᠡᠭᠡ ᠪᠠᠷ | ᠳᠡᠯᠭᠡᠷᠡᠭᠰᠡᠨ ᠣᠨᠴᠠᠯᠢᠭ ᠲᠠᠢ ᠪᠣᠯᠵᠠᠶ᠃ ᠨᠤᠲᠤᠭ ᠲᠠᠭᠠᠨ ᠪᠤᠴᠠᠵᠤ ᠡᠪᠦᠭᠡ ᠳᠡᠭᠡᠳᠦᠰ ᠢᠶᠠᠨ ᠲᠠᠬᠢᠬᠤ ᠪᠠᠷ | ᠪᠡᠯᠡᠳᠬᠡᠵᠦ ᠪᠠᠶᠢᠭ᠎ᠠ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠪᠠ ᠬᠢᠯᠢ ᠶᠢᠨ ᠭᠠᠳᠠᠨ᠎ᠠ ᠰᠤᠷᠤᠯᠴᠠᠵᠤ | ᠪᠠᠶᠢᠭ᠎ᠠ ᠬᠥᠮᠦᠰ ᠲᠦᠷ ᠨᠤᠲᠤᠭ ᠲᠠᠭᠠᠨ ᠪᠣᠴᠠᠵᠣ ᠲᠠᠬᠢᠯᠭ᠎ᠠ ᠬᠢᠬᠦ ᠦᠭᠡᠢ᠂ ᠬᠢᠯᠢ ᠶᠢᠨ ᠭᠠᠳᠠᠨ᠎ᠠ ᠰᠦᠯᠵᠢᠶᠡᠨ | ᠳᠡᠭᠡᠷ᠎ᠡ ᠲᠠᠬᠢᠯᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠡᠭᠡᠳᠦᠰ ᠢᠶᠠᠨ ᠡᠷᠭᠢᠴᠡᠭᠦᠯᠦᠨ ᠪᠤᠳᠤᠬᠤ ᠪᠠᠨ ᠢᠯᠡᠳᠬᠡᠬᠦ ᠶᠢ | ᠰᠠᠨᠠᠭᠠᠴᠢᠯᠠᠨ᠎ᠠ᠃ | ᠭᠤᠷᠪᠠ ᠳᠤ᠂ ᠬᠡᠷ ᠲᠡᠭᠡᠨ ᠱᠦᠭᠦᠷᠳᠡᠨ ᠲᠠᠬᠢᠵᠣ᠂ ᠴᠤᠭᠯᠠᠷᠠᠬᠤ ᠶᠢ ᠪᠠᠭᠠᠰᠬᠠᠬᠤ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠣᠰ ᠪᠡᠶ᠎ᠡ ᠪᠠ ᠬᠡᠷ ᠤᠨ ᠬᠥᠮᠦᠰ ᠤᠨ ᠡᠷᠡᠭᠦᠯ ᠮᠡᠨᠳᠦ ᠶᠢ | ᠰᠠᠶᠢᠲᠤᠷ ᠬᠠᠮᠠᠭᠠᠯᠠᠬᠤ ᠪᠣᠯ ᠳᠠᠷᠤᠶ ᠨᠡᠶᠢᠭᠡᠮ ᠳᠤ ᠬᠠᠷᠢᠭᠤᠴᠠᠬᠤ ᠶᠠᠪᠤᠳᠠᠯ ᠮᠥᠨ᠂ ᠨᠠᠩ ᠴᠤ ᠨᠠᠰᠤ | ᠨᠥᠭᠴᠢᠭᠰᠡᠳ ᠲᠤ ᠬᠠᠮᠤᠭ ᠤᠨ ᠰᠠᠶᠢᠨ ᠲᠠᠶᠢᠳᠬᠤᠷᠠᠭᠤᠯᠤᠯ ᠮᠥᠨ᠃ ᠭᠡᠷ ᠲᠤᠨᠢ ᠡᠷᠭᠢᠴᠡᠭᠦᠯᠦᠨ ᠪᠣᠳᠣᠬᠤ ᠠᠷᠭ᠎ᠠ | ᠮᠠᠶ᠋ᠢᠭ ᠢᠶᠠᠷ ᠨᠠᠰᠤ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠵᠤ᠂ ᠲᠥᠷᠥᠯ ᠰᠠᠳᠤᠨ ᠰᠠᠶᠢᠨ | ᠨᠠᠶᠢᠵᠠ ᠨᠥᠬᠦᠳ ᠤᠨ ᠬᠠᠮᠲᠤᠯᠢᠭ ᠤᠨ ᠲᠠᠬᠢᠯᠭ᠎ᠠ ᠱᠦᠭᠦᠷᠳᠡᠯᠲᠡ ᠶᠢ ᠪᠠᠭᠠᠰᠬᠠᠵᠣ᠂ ᠰᠠᠬᠢᠭᠤᠰᠤ ᠰᠠᠬᠢᠬᠤ᠂ ᠰᠠᠯᠬᠤ | ᠂ ᠲᠠᠬᠢᠯᠭ᠎ᠠ ᠬᠢᠬᠦ ᠵᠡᠷᠭᠡ ᠬᠥᠮᠦᠰ ᠴᠤᠭᠯᠠᠷᠠᠬᠤ ᠠᠵᠢᠯᠯᠠᠭ᠎ᠠ ᠶᠢ ᠲᠦᠷ ᠵᠣᠭᠰᠣᠭᠠᠵᠤ᠂ ᠬᠢᠵᠢᠭ ᠤᠨ ᠪᠠᠶᠢᠳᠠᠯ | ᠲᠠᠷᠬᠠᠬᠤ ᠳᠤ ᠵᠠᠪᠰᠢᠬᠤ ᠲᠣᠬᠢᠶᠠᠯ ᠣᠯᠭᠤᠬᠤ ᠦᠭᠡᠢ᠃ | ᠲᠦᠷᠪᠡ ᠳᠤ᠂ ᠪᠣᠬᠢᠷᠲᠣᠯ ᠦᠭᠡᠢ ᠲᠠᠬᠢᠯᠭ᠎ᠠ ᠬᠢᠵᠦ᠂ ᠪᠦᠷᠢᠯᠭᠡᠨ ᠰᠦᠢᠳᠭᠡᠬᠦ ᠶᠢ ᠪᠠᠭᠠᠰᠬᠠᠨ᠎ᠠ | ᠲᠠᠬᠢᠯᠭ᠎ᠠ ᠳᠤ ᠯᠠ ᠰᠢᠲᠠᠭᠠᠵᠣ ᠴᠠᠭᠠᠰᠤᠨ ᠵᠣᠭᠤᠰ ᠰᠢᠲᠠᠭᠠᠬᠤ ᠶᠢ ᠲᠡᠪᠴᠢᠵᠦ᠂ ᠬᠤᠸᠠᠷ ᠫᠤᠤᠵᠢᠩ | ᠲᠠᠯᠪᠢᠬᠤ ᠵᠡᠷᠭᠡ ᠬᠠᠭᠤᠴᠢᠨ ᠪᠣᠯᠬᠢ ᠪᠦᠳᠦᠭᠦᠯᠢᠭ ᠳᠠᠳᠬᠠᠯ ᠢ ᠠᠷᠢᠯᠭᠠᠵᠤ᠂ ᠴᠡᠴᠡᠭ ᠡᠷᠭᠦᠬᠦ᠂ ᠶᠣᠰᠣᠯᠠᠬᠤ ᠵᠡᠷᠭᠡ | ᠣᠷᠴᠢᠨ ᠲᠣᠭᠤᠷᠢᠨ ᠢ ᠬᠠᠮᠠᠭᠠᠯᠠᠬᠤ ᠳᠥᠭᠦᠮ ᠠᠷᠭ᠎ᠠ ᠮᠠᠶ᠋ᠢᠭ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ | ᠠᠲᠠᠭᠠᠷᠬᠠᠨ ᠠᠳᠠᠯᠢᠳᠬᠠᠬᠤ ᠥᠬᠡᠶ᠂ ᠯᠠᠷᠵᠠ ᠶᠠᠩᠪᠠ ᠲᠠᠲᠠᠬᠤ ᠥᠬᠡᠶ᠂ ᠪᠦᠷᠢᠯᠭᠡᠨ ᠰᠦᠢᠳᠭᠡᠬᠦ ᠶᠢ ᠪᠠᠭᠠᠰᠬᠠᠵᠤ᠂ | ᠤᠬᠠᠮᠰᠠᠷ ᠠᠴᠠ ᠪᠠᠨ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠪᠤᠰᠤᠳ ᠤᠨ ᠠᠮᠢᠳᠤᠷᠠᠯ ᠢ ᠨᠥᠯᠥᠭᠡᠯᠡᠬᠦ | ᠥᠬᠡᠶ ᠪᠠᠶᠢᠬᠤ ᠶᠢ ᠪᠡᠶᠡᠯᠡᠭᠦᠯᠦᠨ᠎ᠡ᠃ ᠠᠮᠢᠳᠤ ᠰᠡᠷᠡᠭᠦᠨ ᠪᠠᠶᠢᠬᠤ ᠳᠠᠭᠠᠨ ᠡᠴᠢᠭᠡ ᠡᠬᠡ ᠪᠠᠨ ᠠᠴᠢᠯᠠᠬᠤ ᠨᠢ | ᠬᠦᠨᠳᠦᠳᠭᠡᠨ ᠣᠷᠣᠰᠢᠭᠤᠯᠬᠤ ᠠᠴᠠ ᠳᠡᠭᠡᠷ᠎ᠡ ᠭᠡᠬᠦ ᠦᠵᠡᠯᠲᠡ ᠶᠢ ᠪᠤᠢ ᠪᠣᠯᠭᠠᠵᠤ᠂ ᠨᠢᠳᠤᠨ ᠡᠮᠦᠨᠡᠬᠢ ᠠᠬᠠᠮᠠᠳ | ᠦᠶ᠎ᠡ ᠶᠢᠨ ᠲᠦᠷᠦᠯ ᠰᠠᠳᠤᠨ ᠢᠶᠠᠨ ᠰᠠᠨᠠᠨ ᠬᠠᠶᠢᠷᠠᠯᠠᠵᠤ᠂ ᠲᠡᠳᠡᠨ ᠢ ᠠᠰᠠᠷᠠᠨ ᠲᠡᠵᠢᠭᠡᠬᠦ ᠪᠠᠶᠠᠷ ᠴᠡᠩᠭᠡᠯ ᠲᠠᠢ | ᠪᠣᠯᠭᠠᠵᠤ᠂ ᠲᠦᠷᠦᠯ ᠰᠠᠳᠤᠨ ᠨᠢ ᠨᠠᠰᠤ ᠪᠠᠷᠠᠭᠰᠠᠨ ᠤ ᠲᠠᠷᠠᠭ᠎ᠠ ᠠᠷᠪᠢᠯᠠᠨ ᠭᠠᠮᠨᠠᠵᠤ ᠪᠡᠯᠪᠡᠰᠦᠷᠡᠯ ᠭᠦᠢᠴᠡᠳᠬᠡᠨ᠎ᠡ᠃ | ᠲᠠᠪᠤ ᠳᠤ᠂ ᠠᠮᠤᠷ ᠲᠦᠪᠰᠢᠨ ᠤ ᠲᠠᠬᠢᠯᠭ᠎ᠠ ᠬᠢᠵᠦ᠂ ᠳᠠᠯᠳᠠ ᠬᠡᠮ ᠢ ᠪᠠᠭᠠᠰᠬᠠᠨ᠎ᠠ | ᠭᠠᠯ ᠤᠨ ᠡᠭᠦᠯᠳᠡᠷ ᠠᠪᠴᠤ ᠠᠭᠤᠯᠠᠨ ᠳᠤ ᠭᠠᠷᠬᠤ ᠦᠭᠡᠢ᠂ ᠠᠭᠤᠯᠠᠨ ᠣᠢ ᠡᠪᠡᠰᠦᠲᠦ ᠭᠠᠵᠠᠷ᠂ ᠵᠠᠮ | ᠬᠠᠷᠢᠯᠴᠠᠭᠠᠨ ᠤ ᠵᠠᠮ ᠤᠨ ᠠᠭᠤᠯᠵᠠᠷ᠂ ᠠᠭᠤᠳᠠᠮ ᠲᠠᠯᠠᠪᠠᠢ ᠶᠢᠨ ᠵᠢᠵᠢᠭ ᠲᠣᠭᠤᠷᠢᠭ᠂ ᠭᠤᠳᠤᠮᠵᠢ ᠶᠢᠨ ᠠᠮᠠᠰᠠᠷ | ᠠᠰᠠᠷ ᠤᠨ ᠵᠠᠮ ᠵᠡᠷᠭᠡ ᠲᠠᠯᠠᠪᠤᠷ ᠲᠤ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠦᠭᠡᠢ᠂ ᠵᠠᠮ ᠬᠠᠷᠢᠯᠴᠠᠭᠠᠨ ᠤ ᠠᠮᠤᠷ | ᠲᠦᠪᠰᠢᠨ ᠪᠠ ᠦᠢᠯᠡᠳᠪᠦᠷᠢᠯᠡᠯ ᠤᠨ ᠠᠮᠤᠷ ᠲᠦᠪᠰᠢᠨ ᠢ ᠠᠩᠬᠠᠷᠴᠤ᠂ ᠭᠠᠯ ᠤᠨ ᠠᠶᠤᠯ ᠵᠡᠷᠭᠡ ᠡᠯ᠎ᠡ ᠵᠦᠢᠯ ᠤᠨ | ᠠᠮᠤᠷ ᠲᠦᠪᠰᠢᠨ ᠤ ᠳᠠᠯᠳᠠ ᠭᠡᠮ ᠢ ᠦᠨᠡᠨᠬᠦ ᠪᠠᠭᠠᠰᠬᠠᠬᠤ ᠬᠡᠷᠡᠭᠲᠡᠶ᠃ | ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠬᠤ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠡᠷᠡᠭᠴᠡᠭᠡ ᠪᠣᠯᠬᠤ ᠪᠥᠭᠡᠳ ᠪᠠᠰᠠ ᠴᠤ ᠴᠠᠭ ᠦᠶ᠎ᠡ ᠶᠢᠨ ᠬᠡᠪ ᠰᠤᠷᠲᠠᠯ ᠤᠨ ᠬᠠᠨᠳᠤᠰᠢ ᠪᠣᠯᠤᠨ᠎ᠠ᠃ ᠡᠨᠡ ᠵᠢᠯ ᠤᠨ | ᠬᠠᠩᠰᠢ ᠶᠢᠨ ᠬᠤᠭᠤᠴᠠᠭᠠᠨ ᠳᠤ᠂ ᠪᠥᠬᠦ ᠬᠤᠲᠠ ᠶᠢᠨ ᠪᠣᠶ ᠪᠥᠬᠦᠶ ᠣᠷᠣᠰᠢᠭᠤᠯᠭ᠎ᠠ ᠶᠢᠨ ᠭᠠᠵᠠᠷ᠂ ᠨᠡᠶᠢᠲᠡ ᠶᠢᠨ | ᠣᠩᠭᠤᠨ᠂ ᠴᠢᠨᠳᠠᠷ ᠤᠨ ᠦᠨᠡᠰᠦ ᠶᠢ ᠬᠠᠳᠠᠭᠠᠯᠠᠬᠤ ᠵᠡᠷᠭᠡ ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠡ᠂ | ᠲᠤᠬᠠᠶ ᠶᠢᠨ ᠲᠠᠯᠠᠪᠤᠷ ᠤᠨ ᠲᠠᠬᠢᠯᠭ᠎ᠠ ᠶᠢᠨ ᠠᠵᠢᠯᠯᠠᠭ᠎ᠠ ᠶᠢ ᠲᠦᠷ ᠵᠣᠭᠰᠣᠭᠠᠨ᠎ᠠ︔ ᠬᠠᠮᠲᠤ ᠶᠢᠨ ᠠᠮᠢ ᠠᠬᠤᠶ ᠶᠢᠨ | ᠣᠷᠣᠰᠢᠭᠤᠯᠭ᠎ᠠ ᠵᠡᠷᠭᠡ ᠬᠠᠮᠲᠤᠯᠢᠭ ᠤᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ ᠲᠦᠷ ᠵᠣᠭᠰᠣᠭᠠᠨ᠎ᠠ᠃ | ᠰᠡᠷᠭᠦᠭᠡᠬᠦ ᠴᠠᠭ ᠢ ᠠᠰᠳᠠᠭᠠᠨ ᠮᠡᠳᠡᠭᠳᠡᠨ᠎ᠡ᠂ ᠥᠷᠭᠡᠨ ᠤᠯᠠᠨ ᠠᠷᠠᠳ ᠲᠦᠮᠡᠨ ᠣᠶᠢᠯᠠᠭᠠᠵᠤ ᠳᠡᠮᠵᠢᠬᠦ ᠪᠣᠯᠪᠠᠤ᠃ | ᠪᠢᠳᠡ ᠬᠠᠮᠲᠤ ᠪᠠᠷ ᠴᠢᠷᠮᠠᠶᠢᠵᠤ ᠪᠠᠶᠢᠭᠠᠳ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠠᠳᠠᠷᠠᠭᠤᠯᠵᠤ᠂ ᠣᠯᠠᠮᠵᠢᠯᠠᠯᠲᠣ | ᠰᠣᠶᠣᠯ ᠤᠨ ᠤᠯᠠᠮᠵᠢᠯᠠᠭᠴᠢ᠂ ᠳᠤᠮᠳᠠᠳᠤ ᠶᠢᠨ ᠰᠠᠶᠢᠬᠠᠨ ᠰᠤᠷᠲᠠᠯ ᠢ ᠦᠢᠯᠡᠳᠦᠯᠭᠡᠵᠢᠭᠦᠯᠦᠭᠴᠢ ᠪᠣᠯᠬᠤ ᠪᠠᠷ | ᠴᠢᠷᠮᠠᠶᠢᠵᠣ᠂ ᠪᠣᠯᠬᠢ ᠵᠠᠩᠰᠢᠯ ᠤᠨ ᠲᠦᠷᠦᠭᠦᠴᠢ᠂ ᠪᠣᠯᠪᠠᠰᠤᠨ ᠲᠠᠬᠢᠯᠭ᠎ᠠ ᠶᠢᠨ ᠳᠠᠭᠠᠭᠤᠯᠤᠭᠴᠢ ᠠᠴᠠ ᠠᠩᠭᠢᠵᠢᠷᠠᠶ᠎ᠠ᠃ | ᠬᠠᠮᠲᠤ ᠪᠠᠷ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠡᠷ ᠪᠦᠯᠢ ᠠᠴᠠ ᠡᠬᠢᠯᠡᠨ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠳᠤ ᠬᠦᠴᠦᠨ | ᠴᠢᠳᠠᠯ ᠢᠶᠠᠨ ᠡᠷᠭᠦᠶ᠎ᠡ︕ | ᠳᠠᠭᠠᠯᠳᠤᠭᠤᠯᠤᠯ᠄ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠬᠤ ᠤᠲᠠᠰᠤ | ᠬᠤᠲᠠ ᠶᠢᠨ ᠣᠶᠤᠨ ᠤ ᠪᠣᠯᠪᠠᠰᠤᠨ ᠤ ᠠᠯᠪᠠᠨ ᠭᠡᠷ ᠬᠤᠲᠠ ᠶᠢᠨ ᠠᠷᠠᠳ | ᠤᠨ ᠶᠠᠪᠤᠳᠠᠯ ᠤᠨ ᠲᠣᠪᠴᠢᠶ᠎ᠠ 2020 ᠤᠨ 3 ᠰᠠᠷ᠎ᠠ ᠶᠢᠨ 24 ᠤ ᠡᠳᠦᠷ | | | |