ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠱᠢ | ᠢᠦᠶ ᠼᠧᠨ︶ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ 2019 ᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠲᠠᠩᠰᠠᠯᠠᠵᠤ ᠲᠡᠮᠳᠡᠭᠯᠡᠭᠰᠡᠨ ᠪᠠ ᠬᠢᠨᠠᠨ | ᠵᠥᠪᠰᠢᠶᠡᠷᠡᠭᠰᠡᠨ ᠦᠷ᠎ᠡ ᠳ᠋ᠦᠩ ᠢ ᠨᠡᠶᠢᠲᠡᠯᠡᠵᠦ᠂1672 ᠲᠠᠩᠰᠠᠯᠠᠵᠤ ᠲᠡᠮᠳᠡᠭᠯᠡᠭᠰᠡᠨ ᠲᠤᠰᠬᠠᠶ ᠮᠡᠷᠭᠡᠵᠢᠯ ᠪᠠ 181 | ᠬᠢᠨᠠᠨ ᠵᠥᠪᠰᠢᠶᠡᠷᠡᠭᠰᠡᠨ ᠲᠤᠰᠬᠠᠶ ᠮᠡᠷᠭᠡᠵᠢᠯ ᠢ ᠰᠢᠨ᠎ᠠ ᠪᠠᠷ ᠨᠡᠮᠡᠭᠳᠡᠭᠦᠯᠵᠦ᠂ ᠡᠷᠳᠡᠮ ᠤᠨ ᠴᠣᠯᠠ ᠣᠯᠭᠤᠬᠤ ᠲᠥᠷᠥᠯ | ᠵᠦᠢᠯ ᠪᠤᠶᠤ ᠰᠤᠷᠤᠯᠴᠠᠬᠤ ᠵᠢᠯ ᠬᠤᠭᠤᠴᠠᠭ᠎ᠠ ᠶᠢᠨ ᠲᠤᠰᠬᠠᠶ ᠮᠡᠷᠭᠡᠵᠢᠯ ᠤᠨ ᠴᠢᠬ ᠢ 47 ᠳᠣᠭᠢᠷᠠᠭᠤᠯᠪᠠ᠃ ᠲᠣᠰ | ᠤᠳᠠᠭᠠᠨ ᠤ ᠲᠠᠩᠰᠠᠯᠠᠵᠤ ᠲᠡᠮᠳᠡᠭᠯᠡᠭᠰᠡᠨ᠂ ᠬᠢᠨᠠᠨ ᠵᠥᠪᠰᠢᠶᠡᠷᠡᠭᠰᠡᠨ ᠪᠠ ᠲᠣᠬᠢᠷᠠᠭᠤᠯᠤᠯᠲᠠ ᠬᠢᠭᠰᠡᠨ ᠲᠤᠰᠬᠠᠶ | ᠮᠡᠷᠭᠡᠵᠢᠯ ᠤᠨ ᠴᠢᠬ ᠢ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ ᠶᠢᠨ 2020 ᠣᠨ ᠤᠵᠢᠩᠬᠢᠨᠢ ᠠᠩᠭᠢ ᠶᠢᠨ | ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠬᠤ ᠶᠢᠨ ᠬᠠᠮᠲᠤ 367 ᠲᠤᠰᠬᠠᠶ ᠮᠡᠷᠭᠡᠵᠢᠯ ᠤᠨ ᠴᠢᠬ ᠢ ᠬᠦᠴᠦᠨ | ᠥᠬᠡᠶ ᠪᠣᠯᠭᠠᠨ᠎ᠠ ᠭᠡᠪᠡ᠃ | ᠰᠤᠷᠭᠠᠨ ᠬᠥᠮᠦᠵᠢᠯ ᠤᠨ ᠶᠠᠮᠤᠨ ᠤ ᠬᠢᠨ ᠢᠯᠡᠷᠬᠡᠶᠢᠯᠡᠬᠦ ᠳᠡᠭᠡᠨ᠂ ᠪᠠᠴᠢᠮ ᠬᠡᠷᠡᠭᠴᠡᠭᠡ ᠲᠠᠢ ᠳᠤᠲᠠᠭᠳᠠᠵᠤ | ᠪᠠᠶᠢᠭ᠎ᠠ ᠲᠤᠰᠬᠠᠢ ᠮᠡᠷᠭᠡᠵᠢᠯ ᠪᠠ ᠰᠢᠨ᠎ᠡ ᠪᠠᠷ ᠬᠦᠭᠵᠢᠭᠰᠡᠨ ᠲᠤᠰᠬᠠᠶ ᠮᠡᠷᠭᠡᠵᠢᠯ ᠢ ᠳᠡᠮᠵᠢᠬᠦ ᠪᠣᠯ ᠲᠣᠰ ᠤᠳᠠᠭᠠᠨ ᠤ | ᠰᠢᠨ᠎ᠡ ᠪᠠᠷ ᠲᠤᠰᠬᠠᠶ ᠮᠡᠷᠭᠡᠵᠢᠯ ᠭᠠᠷᠭᠠᠬᠤ ᠠᠵᠢᠯ ᠤᠨ ᠵᠠᠷᠴᠢᠮ ᠤᠨ ᠨᠢᠭᠡ ᠪᠣᠯᠤᠨ᠎ᠠ᠃ ᠤᠯᠤᠰ ᠤᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠶᠡᠭᠡ ᠳᠡᠭᠡᠳᠦ | ᠰᠤᠷᠭᠠᠭᠤᠯᠢ ᠶᠢᠨ ᠬᠢᠨ ᠤ ᠰᠦᠯᠵᠢᠶᠡᠨ ᠤ ᠣᠷᠣᠨ ᠵᠠᠶ ᠶᠢᠨ ᠠᠮᠤᠷ ᠲᠦᠪᠰᠢᠨ᠂ ᠬᠤᠷᠠᠮᠠᠯ ᠴᠠᠬᠢᠯᠭᠠᠨ ᠬᠡᠯᠬᠢᠶ᠎ᠡ ᠶᠢᠨ | ᠵᠢᠷᠤᠭ ᠲᠥᠯᠥᠪᠯᠡᠭᠡ ᠬᠢᠭᠡᠳ ᠬᠤᠷᠠᠮᠠᠯ ᠰᠢᠰᠲ᠋ᠧᠮ᠂ ᠵᠣᠬᠢᠶᠠᠮᠠᠯ ᠣᠶᠤᠨ ᠴᠢᠳᠠᠪᠤᠷᠢ᠂ ᠳ᠋ᠠᠶᠢᠲ᠋ᠠ ᠶᠢᠨ ᠰᠢᠨᠵᠢᠯᠡᠬᠦ | ᠤᠬᠠᠭᠠᠨ ᠪᠠ ᠲᠣᠮᠣ ᠳ᠋ᠠᠶᠢᠲ᠋ᠠ ᠶᠢᠨ ᠮᠡᠷᠭᠡᠵᠢᠯ᠂ ᠣᠶᠤᠨᠴᠢ ᠦᠢᠯᠡᠳᠬᠦ ᠢᠨᠵᠧᠨᠧᠷᠢᠩ ᠵᠡᠷᠭᠡ ᠲᠤᠰᠬᠠᠶ ᠮᠡᠷᠭᠡᠵᠢᠯ ᠤᠨ | ᠴᠢᠬ ᠪᠠᠶᠢᠷᠢᠯᠠᠭᠤᠯᠵᠤ᠂ ᠵᠢᠱᠢᠮᠡᠭ ᠪᠣᠳᠠᠲᠤ ᠠᠬᠤᠢ ᠶᠢᠨ ᠮᠡᠷᠭᠡᠵᠢᠯ᠂ ᠠᠵᠤ ᠦᠢᠯᠡᠳᠪᠦᠷᠢ ᠶᠢᠨ ᠣᠶᠤᠨ ᠴᠢᠳᠠᠪᠤᠷᠢ᠂ | ᠬᠡᠰᠡᠭ ᠪᠦᠯᠦᠭ ᠤᠨ ᠬᠡᠯᠬᠢᠶ᠎ᠡ ᠶᠢᠨ ᠢᠨᠵᠧᠨᠧᠷᠢᠩ ᠵᠡᠷᠭᠡ ᠨᠢᠭᠡ ᠪᠦᠯᠦᠭ ᠭᠠᠷᠴᠠᠭ ᠤᠨ ᠭᠠᠳᠠᠨᠠᠬᠢ ᠰᠢᠨ᠎ᠡ ᠲᠤᠰᠬᠠᠶ | ᠮᠡᠷᠭᠡᠵᠢᠯ ᠢ ᠰᠢᠨ᠎ᠡ ᠪᠠᠷ ᠨᠡᠮᠡᠭᠳᠡᠭᠦᠯᠭᠦ ᠶᠢ ᠲᠠᠮᠵᠢᠨ᠎ᠠ︔ ᠶᠡᠭᠡ ᠳᠡᠭᠡᠳᠦ ᠰᠤᠷᠭᠠᠭᠤᠯᠢ ᠶᠢᠨ ᠰᠡᠷᠭᠡᠶᠢᠯᠡᠯᠲᠡ ᠶᠢᠨ | ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠡᠷᠡᠭᠦᠯᠵᠢᠭᠦᠯᠬᠦ ᠤᠬᠠᠭᠠᠨ ᠤ ᠲᠤᠰᠬᠠᠶ ᠮᠡᠷᠭᠡᠵᠢᠯ ᠤᠨ ᠴᠢᠬ | ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ᠂ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠭᠠᠷᠴᠠᠭ ᠤᠨ ᠭᠠᠳᠠᠨᠠᠬᠢ ᠰᠢᠨ᠎ᠡ ᠲᠤᠰᠬᠠᠶ | ᠮᠡᠷᠭᠡᠵᠢᠯ ᠢ ᠰᠢᠨ᠎ᠠ ᠪᠠᠷ ᠨᠡᠮᠡᠭᠳᠡᠭᠦᠯᠭᠦ ᠶᠢ ᠲᠠᠮᠵᠢᠨ᠎ᠠ︔ ᠶᠡᠭᠡ ᠲᠡᠭᠡᠲᠦ ᠰᠤᠷᠭᠠᠭᠤᠯᠢ ᠶᠢᠨ ︽ᠳᠥᠷᠪᠡᠨ ᠰᠢᠨ᠎ᠡ︾ ᠶᠢᠨ | ᠪᠠᠶᠢᠭᠤᠯᠤᠯᠲᠠ ︵ᠰᠢᠨ᠎ᠡ ᠪᠠᠶᠢᠭᠠᠯᠢ ᠲᠧᠭᠨᠢᠭ ᠤᠨ ᠤᠬᠠᠭᠠᠨ᠂ ᠰᠢᠨ᠎ᠡ ᠠᠨᠠᠭᠠᠬᠤ ᠤᠬᠠᠭᠠᠨ᠂ ᠰᠢᠨ᠎ᠡ ᠲᠠᠷᠢᠶᠠᠯᠠᠩ ᠤᠨ | ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦᠤᠬᠠᠭᠠᠨ︶ ᠶᠢ ᠳᠥᠯᠭᠢᠨ ᠠᠬᠢᠭᠤᠯᠵᠤ᠂ ᠣᠶᠤᠨᠴᠢ ᠮᠡᠳᠡᠷᠡᠮᠵᠢ ᠶᠢᠨ | ᠢᠨᠵᠧᠨᠧᠷᠢᠩ᠂ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠤᠶᠤᠨᠲᠤ ᠲᠠᠷᠢᠶᠠᠯᠠᠩ᠂ | ᠲᠠᠷᠢᠶᠠᠯᠠᠩ ᠤᠨ ᠣᠶᠤᠨᠴᠢ ᠲᠤᠨᠤᠬᠯᠠᠯ ᠤᠨ ᠢᠨᠵᠧᠨᠧᠷᠢᠩ᠂ ᠬᠥᠳᠡᠯᠭᠡᠭᠡᠨ ᠤ ᠴᠢᠳᠠᠪᠤᠷᠢ ᠶᠢ ᠨᠡᠭᠡᠭᠡᠨ ᠬᠥᠭᠵᠢᠭᠦᠯᠬᠦ | ᠵᠡᠷᠭᠡ ᠨᠢᠭᠡ ᠪᠦᠯᠦᠭ ᠭᠠᠷᠴᠠᠭ ᠤᠨ ᠭᠠᠳᠠᠨᠠᠬᠢ ᠰᠢᠨ᠎ᠡ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠭᠳᠡᠭᠦᠯᠬᠦ ᠶᠢ ᠳᠡᠮᠵᠢᠨ᠎ᠡ | ᠬᠡᠪᠡ᠃ |