ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠪᠢᠳᠡ ᠬᠡᠷᠬᠢᠨ ᠰᠡᠷᠭᠡᠶᠢᠯᠡᠪᠡᠯ ᠵᠤᠬᠢᠬᠤ ᠪᠤᠢ︖
ᠨᠡᠶᠢᠲᠡᠯᠡᠭᠰᠡᠨ ᠴᠠᠭ᠄
2020-03-09
         ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 20 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠢᠦᠶ ᠲᠢᠩ ᠸᠠᠩ ᠪᠢᠩ ᠶᠠᠩ︶ ᠬᠤᠪᠸᠢ ᠶᠢᠨ ᠦᠬᠠᠨ ᠵᠡᠷᠭᠡ ᠣᠯᠠᠨ ᠭᠠᠵᠠᠷ ᠤᠨ ᠮᠡᠳᠡᠭᠦᠯᠦᠭᠰᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠠᠭᠤᠰᠬᠢᠨ ᠦᠷᠪᠢᠰᠦᠯ ᠲᠠᠢ ᠡᠪᠡᠳᠴᠢᠳᠡᠨ ᠳᠤ ᠴᠢᠭᠯᠡᠭᠦᠯᠦᠨ᠂  ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠬᠡᠨ ᠬᠠᠷᠢᠭᠤ ᠦᠭᠭᠦ ᠳᠡᠭᠡᠨ᠂ ᠣᠳᠣᠬᠠᠨ ᠤ ᠬᠢᠵᠢᠭ ᠤᠨ ᠪᠠᠶᠢᠳᠠᠯ ᠢ ᠮᠦᠡᠭᠦ ᠰᠡᠷᠭᠡᠶᠢᠯᠡᠨ ᠡᠵᠡᠮᠳᠡᠵᠦ ᠪᠣᠯᠤᠨ᠎ᠠ ᠭᠡᠵᠡᠶ᠃          ᠰᠤᠷᠪᠤᠯᠵᠢᠯᠠᠭᠴᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠥᠪ ᠠᠴᠠ ᠤᠶᠢᠯᠠᠭᠠᠬᠰᠠᠨ ᠢᠶᠠᠷ᠂ ᠡᠨᠡᠬᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠨᠢ SARS᠂ MERS ᠸᠢᠷᠦ᠋ᠰ ᠪᠢᠰᠢ ᠶᠤᠮ᠃ ᠣᠳᠣᠬᠠᠨ ᠳᠤ ᠠᠩᠬ᠎ᠠ ᠠᠯᠬᠤᠮ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠲᠣᠰ ᠸᠢᠷᠦ᠋ᠰ ᠤᠨ ᠬᠥᠮᠦᠨ ᠠᠴᠠ ᠬᠦᠮᠦᠨ ᠳᠤ ᠬᠠᠯᠳᠠᠪᠤᠷᠢᠯᠠᠬᠤ ᠴᠢᠳᠠᠪᠤᠷᠢ ᠪᠠ ᠡᠪᠡᠳᠴᠢᠯᠡᠭᠦᠯᠬᠦ ᠴᠢᠨᠠᠷ ᠨᠢ ᠴᠥᠮ SARS ᠠᠴᠠ ᠪᠠᠭᠤᠷᠠᠶ ᠪᠠᠶᠢᠨ᠎ᠡ᠂ ᠡᠶᠢᠮᠦ ᠠᠴᠠ ᠡᠨᠡᠬᠦ ᠡᠪᠡᠳᠴᠢᠨ ᠠᠴᠠ ᠠᠶᠤᠵᠤ ᠪᠠᠴᠢᠮᠳᠠᠬᠰᠠᠨ ᠤ ᠬᠡᠷᠡᠭ ᠥᠬᠡᠶ᠃ ᠲᠡᠭᠡᠪᠡᠯ᠂ ᠬᠤᠪᠢ ᠬᠥᠮᠦᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠬᠤ ᠠᠴᠠ ᠬᠡᠷᠬᠢᠨ ᠰᠡᠷᠭᠡᠶᠢᠯᠡᠪᠡᠯ ᠵᠤᠬᠢᠬᠤ ᠪᠣᠶ︖  ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠥᠪ ᠪᠠ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠲᠤᠰᠬᠠᠢ ᠮᠡᠷᠭᠡᠵᠢᠯᠲᠡᠨ ᠤ ᠦᠵᠡᠯᠲᠡ ᠶᠢ ᠦᠨᠳᠦᠰᠦᠯᠡᠪᠡᠯ᠂ ᠣᠯᠠᠨ ᠨᠡᠶᠢᠲᠡ ᠶᠢᠨ ᠰᠡᠷᠭᠡᠶᠢᠯᠡᠯᠲᠡ ᠳᠤ ᠳᠣᠣᠷᠠᠬᠢ ᠳᠥᠷᠪᠡᠨ ᠲᠠᠯ᠎ᠠ ᠶᠢ ᠠᠩᠬᠠᠷᠬᠤ ᠬᠡᠷᠡᠭᠲᠡᠢ᠄          ᠨᠢᠭᠡ ᠳᠤ ᠭᠠᠷ ᠢᠶᠠᠨ ᠦᠷᠭᠦᠯᠵᠢ ᠤᠬᠢᠶᠠᠬᠤ ᠬᠡᠷᠡᠭᠳᠡᠢ᠃ ᠡᠭᠦᠨ ᠳᠤ ᠢᠳᠡᠭᠡᠨ ᠪᠡᠯᠡᠳᠬᠡᠬᠦ ᠠᠴᠠ ᠡᠮᠦᠨ᠎ᠡ᠂ ᠪᠡᠯᠡᠳᠭᠡᠵᠦ ᠪᠠᠶᠢᠬᠤ ᠬᠤᠭᠤᠴᠠᠭᠠᠨ ᠳᠤ ᠪᠠ ᠬᠤᠶᠢᠨ᠎ᠠ ᠨᠢ  ᠭᠠᠷ ᠢᠶᠠᠨ ᠤᠬᠢᠶᠠᠬᠤ ᠬᠡᠷᠡᠭᠳᠡᠢ︔ ᠬᠠᠨᠢᠶᠠᠬᠤ ᠪᠤᠶᠤ ᠨᠠᠶᠢᠲᠠᠭᠠᠭᠰᠠᠨ ᠤ ᠳᠠᠷᠠᠭ᠎ᠠ ᠭᠠᠷ ᠢᠶᠠᠨ ᠤᠬᠢᠶᠠᠬᠤ ᠬᠡᠷᠡᠭᠳᠡᠢ︔ ᠡᠪᠡᠳᠴᠢᠲᠡᠨ ᠢ ᠠᠰᠠᠷᠠᠨ ᠬᠠᠷᠠᠭᠠᠯᠵᠠᠬᠤ ᠦᠶ᠎ᠡ ᠳᠤ  ᠭᠠᠷ ᠢᠶᠠᠨ ᠤᠬᠢᠶᠠᠬᠤ ᠬᠡᠷᠡᠭᠳᠡᠢ︔ ᠬᠤᠭᠤᠯᠠ ᠢᠳᠡᠬᠦ ᠠᠴᠠ ᠡᠮᠦᠨ᠎ᠡ ᠪᠠ ᠭᠠᠳᠠᠭᠠᠯᠠᠬᠰᠠᠨ ᠤ ᠬᠤᠶᠢᠨ᠎ᠠ ᠭᠠᠷ ᠢᠶᠠᠨ ᠤᠬᠢᠶᠠᠬᠤ ᠬᠡᠷᠡᠭᠳᠡᠢ︔ ᠭᠠᠷ ᠪᠤᠵᠠᠷ ᠪᠤᠯᠬᠤ ᠦᠶ᠎ᠡ ᠳᠤ  ᠭᠠᠷ ᠢᠶᠠᠨ ᠤᠬᠢᠶᠠᠬᠤ ᠬᠡᠷᠡᠭᠳᠡᠢ︔ ᠠᠮᠢᠲᠠᠨ ᠪᠤᠶᠤ ᠠᠮᠢᠲᠠᠨ ᠤ ᠢᠯᠭᠠᠳᠠᠰᠤ ᠶᠢ ᠰᠢᠢᠳᠪᠦᠷᠢᠯᠡᠭᠰᠡᠨ ᠤ ᠳᠠᠷᠠᠭ᠎ᠠ ᠳᠠᠷᠦ᠋ᠢᠬᠠᠨ ᠰᠠᠪᠤᠩ᠂ ᠰᠫᠢᠷᠲ ᠲᠠᠢ ᠭᠠᠷ ᠤᠬᠢᠶᠠᠬᠤ ᠰᠢᠩᠭᠡᠨ ᠪᠠ ᠴᠡᠪᠡᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃          ᠬᠤᠶᠠᠷ ᠲᠤ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠬᠡᠷᠡᠭᠳᠡᠢ᠃ ᠥᠪᠡᠷ ᠢᠶᠠᠨ ᠬᠠᠨᠢᠶᠠᠬᠤ ᠪᠤᠶᠤ ᠨᠠᠶᠢᠲᠠᠭᠠᠬᠤ ᠦᠶ᠎ᠡ ᠳᠤ᠂ ᠴᠠᠭᠠᠰᠤᠨ ᠠᠯᠴᠢᠭᠤᠷ ᠪᠤᠶᠤ ᠬᠠᠨᠴᠤᠶ᠂ ᠲᠣᠬᠤᠢ ᠪᠠᠷ ᠢᠶᠠᠨ ᠠᠮᠠ ᠬᠠᠮᠠᠷ ᠢᠶᠠᠨ ᠪᠦᠷᠢᠮᠦᠰᠦᠨ ᠬᠠᠯᠬᠠᠯᠠᠬᠤ ᠶᠢᠨ ᠬᠠᠮᠳᠤ ᠬᠡᠷᠡᠭᠯᠡᠵᠦ ᠥᠩᠭᠡᠷᠡᠭᠰᠡᠨ ᠴᠠᠭᠠᠰᠤ ᠪᠠᠨ ᠳᠠᠷᠦ᠋ᠢᠬᠠᠨ ᠪᠢᠲᠡᠭᠦᠮᠵᠢᠯᠡᠭᠰᠡᠨ ᠬᠤᠭ ᠤᠨ ᠰᠠᠪᠠᠨ ᠳᠤ  ᠬᠠᠶᠠᠵᠤ᠂ ᠭᠠᠷ ᠵᠶ᠋ᠠᠨ‌ᠤᠬᠢᠶᠠᠬᠤ ᠬᠡᠷᠡᠭᠳᠡᠢ᠃ ᠠᠮᠠᠷᠬᠠᠨ ᠬᠠᠯᠳᠠᠪᠤᠷᠢᠯᠠᠭᠳᠠᠳᠠᠭ ᠬᠥᠮᠦᠰ ᠨᠢ ᠬᠥᠮᠦᠨ ᠣᠯᠠᠨ ᠴᠤᠭᠯᠠᠷᠠᠳᠠᠭ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠠᠴᠠ ᠠᠯᠢ  ᠴᠢᠳᠠᠬᠤ ᠪᠠᠷ ᠵᠠᠶᠢᠯᠠᠰᠬᠢᠵᠦ᠂ ᠠᠮᠠᠪᠴᠢ ᠵᠡᠭᠦᠵᠦ ᠡᠪᠡᠳᠴᠢᠨ ᠡᠭᠦᠰᠭᠡᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠬᠠᠮᠠᠭᠠᠯᠠᠯᠲᠠ ᠬᠢᠭᠰᠡᠨ ᠦᠭᠡᠢ ᠪᠠᠶᠢᠳᠠᠯ ᠳᠣᠣᠷ᠎ᠠ  ᠡᠪᠡᠳᠴᠢᠲᠡᠨ ᠲᠠᠢ ᠨᠢᠬᠳᠠ ᠤᠶᠢᠷᠠᠳᠤᠯᠴᠠᠬᠤ ᠠᠴᠠ ᠵᠠᠶᠢᠯᠠᠰᠬᠢᠵᠦ᠂ ᠡᠪᠡᠳᠴᠢᠳᠠᠨ ᠤ ᠨᠢᠳᠦ᠂ ᠠᠮᠠ᠂ ᠬᠠᠮᠠᠷ ᠢ ᠲᠡᠮᠲᠡᠷᠢᠬᠦ ᠠᠴᠠ ᠵᠠᠶᠢᠯᠠᠰᠬᠢᠬᠦ ᠬᠡᠷᠡᠭᠳᠡᠢ᠃ᠡᠭᠦᠨ ᠤ ᠬᠠᠮᠲᠤ ᠭᠡᠷ ᠤᠨ ᠢᠶᠠᠨ ᠪᠠ ᠠᠵᠢᠯᠯᠠᠬᠤ ᠭᠠᠵᠠᠷ ᠤᠨ ᠢᠶᠠᠨ ᠴᠤᠩᠬᠤ ᠶᠢ ᠨᠡᠭᠡᠭᠡᠵᠦ ᠰᠠᠯᠬᠢ ᠨᠡᠪᠲᠡᠷᠡᠭᠦᠯᠤᠨ᠂ ᠣᠷᠴᠢᠨ ᠲᠣᠭᠤᠷᠢᠨ ᠢ ᠨᠢ ᠠᠷᠢᠭᠤᠨ ᠴᠡᠪᠡᠷ ᠪᠠᠶᠢᠯᠭᠠᠬᠤ ᠶᠢ ᠠᠩᠬᠠᠷᠬᠤ ᠬᠡᠷᠡᠭᠲᠡᠢ᠃          ᠭᠤᠷᠪᠠ ᠳᠤ ᠨᠢᠭᠲᠠ ᠤᠶᠢᠷᠠᠳᠤᠯᠴᠠᠬᠤ ᠠᠴᠠ ᠵᠠᠶᠢᠯᠠᠰᠬᠢᠬᠦ ᠬᠡᠷᠡᠭᠳᠡᠢ᠃ ᠬᠠᠮᠠᠭᠠᠯᠠᠯᠲᠠ ᠬᠢᠭᠰᠡᠨ ᠥᠬᠡᠶ ᠪᠠᠶᠢᠳᠠᠯ ᠳᠣᠤᠷ᠎ᠠ ᠲᠡᠵᠢᠭᠡᠵᠦ ᠪᠠᠶᠢᠭ᠎ᠠ ᠠᠮᠢᠳᠠᠨ ᠪᠤᠶᠤ  ᠬᠡᠭᠡᠷ᠎ᠡ ᠶᠢᠨ ᠠᠮᠢᠲᠠᠨ ᠲᠠᠢ ᠣᠶᠢᠷ᠎ᠠ ᠵᠠᠶ ᠳᠤ ᠣᠶᠢᠷᠠᠳᠤᠯᠴᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ︔ ᠡᠪᠡᠳᠴᠢᠯᠡᠭᠰᠡᠨ ᠠᠮᠢᠲᠠᠨ ᠲᠠᠢ ᠤᠶᠢᠷᠠᠳᠤᠯᠴᠠᠬᠤ ᠪᠠ ᠴᠢᠨᠠᠷ ᠨᠢ ᠬᠤᠪᠢᠷᠠᠭᠰᠠᠨ ᠮᠢᠬ᠎ᠠ ᠶᠢ ᠢᠳᠡᠬᠦ ᠠᠴᠠ ᠵᠠᠶᠢᠯᠠᠰᠬᠢᠬᠦ ᠬᠡᠷᠡᠭᠳᠡᠢ︔ ᠭᠡᠭᠡᠷ᠎ᠡ ᠶᠢᠨ ᠠᠮᠢᠳᠠᠨ ᠲᠠᠯᠠᠢ ᠶᠢᠨ ᠭᠠᠷᠤᠯᠳᠠ ᠶᠢᠨ ᠵᠠᠬ᠎ᠠ ᠳᠡᠯᠭᠡᠭᠦᠷ ᠲᠠᠬᠢ ᠲᠡᠨᠦᠭᠦᠯ ᠠᠮᠢᠲᠠᠨ᠂ ᠬᠤᠭ ᠨᠣᠪᠰᠢ ᠬᠠᠶᠠᠭᠳᠠᠮᠠᠯ ᠤᠰᠤ ᠲᠠᠢ ᠬᠦᠷᠦᠯᠴᠡᠬᠦ ᠠᠴᠠ ᠵᠠᠶᠢᠯᠠᠰᠬᠢᠬᠦ ᠬᠡᠷᠡᠭᠳᠡᠢ᠃          ᠳᠥᠷᠪᠡ ᠳᠤ ᠰᠠᠶᠢᠨ ᠰᠠᠶᠢᠬᠠᠨ ᠠᠮᠤᠷ ᠲᠦᠪᠰᠢᠨ ᠢᠶᠠᠷ ᠢᠳᠡᠵᠦ ᠤᠤᠭᠤᠬᠤ ᠳᠠᠳᠬᠠᠯ ᠲᠠᠢ ᠪᠤᠯᠬᠤ ᠬᠡᠷᠡᠭᠲᠡᠶ᠃ ᠮᠢᠬ᠎ᠠ ᠪᠣᠯᠤᠨ ᠥᠨᠳᠡᠭᠡ ᠶᠢ ᠴᠢᠨᠠᠵᠤ ᠪᠤᠯᠭᠤᠨ ᠢᠳᠡᠵᠦ᠂ ᠲᠦᠭᠦᠬᠡᠢ ᠢᠳᠡᠭᠡᠨ ᠪᠣᠯᠤᠨ ᠪᠤᠯᠭᠤᠭᠰᠠᠨ ᠢᠳᠡᠭᠡᠨ ᠪᠠᠷᠢᠬᠰᠠᠨ ᠤ ᠲᠠᠷᠠᠭ᠎ᠠ ᠭᠠᠷ ᠢᠶᠠᠨ ᠤᠬᠢᠶᠠᠵᠤ᠂ ᠨᠣᠭᠤᠭ᠎ᠠ ᠬᠡᠷᠴᠢᠬᠦ ᠠᠮᠪᠠᠨ ᠪᠣᠯᠤᠨ ᠬᠢᠲᠤᠭ᠎ᠠ ᠪᠤᠤᠳᠤᠤ ᠪᠠᠨ ᠰᠠᠯᠭᠠᠵᠤ ᠲᠠᠯᠪᠢᠬᠤ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号