ᠰᠢᠭᠤᠶᠢᠲᠤ ᠲᠣᠭᠤᠷᠢᠭ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2020-04-14
        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠠᠷᠠᠳ ᠲᠦᠮᠡᠨ ᠢᠶᠠᠷ ᠭᠤᠤᠯ ᠪᠣᠯᠭᠠᠬᠤ︾ ︽ᠠᠮᠢ ᠨᠠᠰᠤ ᠶᠢ ᠳᠡᠭᠡᠳᠦᠯᠡᠬᠦ︾ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠯᠲᠠ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠶᠤᠯᠭᠦᠢ  ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠨ᠎ᠠ᠃         ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃
        ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠲᠤ ᠳᠠᠷᠠᠭᠠᠯᠠᠨ ᠳᠠᠷᠣᠯᠲᠠ ᠳᠠᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠳᠡᠭᠡᠳᠦ ᠱᠠᠲᠤᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠵᠤ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠰᠢᠭᠤ ᠲᠦᠷᠭᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠣᠷᠠᠯᠲᠠ ᠦᠭᠡᠢ ᠴᠢᠩᠭᠠᠳᠬᠠᠵᠤ᠂ ︽ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠣᠷ  ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ᠃         ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠣᠷᠢᠵᠢᠭᠤᠯᠬᠤ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠬᠦ ᠬᠡᠷᠡᠭᠲᠡᠶ᠃
        ᠡᠯ᠎ᠡ ᠲᠦᠷᠦᠯ ᠤᠨ ᠪᠡᠶᠡᠴᠢ ᠴᠣᠭᠴᠠ ᠶᠢ ᠰᠢᠪᠠᠳᠠᠵᠤ ᠪᠠᠶᠢᠭᠠᠳ ᠠᠶᠤᠯᠭᠦᠶ ᠶᠢᠨ ᠤᠯᠠᠭᠠᠨ ᠱᠤᠭᠤᠮ ᠤᠨ ᠤᠬᠠᠮᠰᠠᠷ ᠢ ᠪᠠᠲᠣ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠪᠣᠯᠪᠠᠰᠤᠷᠠᠭᠤᠯᠤᠯ ᠬᠥᠮᠦᠵᠢᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠬᠠᠪᠰᠤᠷᠤᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠣᠳᠠᠲᠠᠶᠢᠵᠢᠭᠤᠯᠬᠤ ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠠᠵᠢᠯᠲᠠᠨ ᠠᠵᠢᠯᠴᠢᠨ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠬᠤ᠂ ᠪᠡᠯᠡᠳᠬᠡᠮᠵᠢ ᠡᠳ᠋ ᠪᠣᠳᠠᠰ ᠢ ᠪᠣᠳᠠᠲᠠᠶᠢᠵᠢᠭᠤᠯᠬᠤ᠂ ᠳᠣᠲᠣᠭᠠᠳᠤ ᠬᠠᠮᠢᠶᠠᠷᠤᠯᠲᠠ ᠶᠢ ᠪᠣᠳᠠᠲᠠᠶᠢᠵᠢᠭᠤᠯᠬᠤ ᠬᠡᠷᠡᠭᠲᠡᠶ᠃ ︽ᠡᠳᠦᠷ ᠨᠢ ᠪᠠᠶᠢᠴᠠᠭᠠᠵᠣ ᠡᠳᠦᠷ ᠨᠢ ᠮᠡᠳᠡᠭᠦᠯᠬᠦ︾ᠳᠦᠷᠢᠮ ᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠣᠯᠠᠬᠤ ᠬᠡᠷᠡᠭᠲᠡᠶ᠃ ᠣᠲᠣ ᠪᠣᠯᠲᠠᠯ᠎ᠠ᠂ ᠨᠡᠶᠢᠲᠡ 63 ᠠᠵᠤ ᠠᠬᠤᠶᠢᠯᠠᠯ ᠢ ᠪᠠᠶᠢᠴᠠᠭᠠᠵᠤ᠂ ᠨᠡᠶᠢᠲᠡ 97 ᠳᠠᠯᠳᠠ ᠬᠡᠮ ᠢ ᠪᠠᠶᠢᠴᠠᠭᠠᠨ ᠭᠠᠷᠭᠠᠪᠠ᠂ ᠣᠲᠣ ᠨᠢᠭᠡᠨᠲᠡ 208 ᠵᠦᠢᠯ ︵ᠳᠠᠬᠢᠨ ᠪᠠᠶᠢᠴᠠᠭᠠᠯᠲᠠ ᠪᠠᠭᠲᠠᠨ᠎ᠠ︶ ᠢ ᠴᠡᠭᠴᠡᠯᠡᠨ ᠵᠠᠰᠠᠵᠤ ᠳᠠᠭᠤᠰᠬᠠᠪᠠ᠃         ᠠᠮᠢᠳᠤᠯᠢᠭ ᠤᠬᠠᠭᠤᠯᠭ᠎ᠠ ᠶᠢᠨ ᠠᠴᠢᠶᠠᠯᠠᠪᠤᠷᠢ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠣᠪᠤᠶᠢᠯᠭᠠᠨ᠎ᠠ
        ᠠᠵᠢᠯ ᠤᠨ ᠪᠣᠳᠠᠲᠠᠢ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ LED ᠳᠡᠯᠭᠡᠴᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠪᠦᠯᠦᠭᠯᠡᠯ ᠵᠡᠷᠭᠡ ᠤᠬᠠᠭᠤᠯᠭ᠎ᠠ ᠶᠢᠨ ᠠᠴᠢᠶᠠᠯᠠᠪᠤᠷᠢ ᠶᠢ ᠭᠦᠢᠴᠡᠳ ᠠᠰᠢᠭᠯᠠᠨ᠂ ᠡᠷᠬᠡ ᠰᠦᠷᠲᠦ ᠪᠠᠶᠢᠭᠤᠯᠤᠮᠵᠢ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠴᠢᠭᠯᠡᠭᠦᠯᠬᠦ ᠴᠢᠨᠠᠷᠲᠠᠶ ᠪᠠᠷ ᠰᠢᠯᠵᠢᠭᠦᠯᠦᠨ ᠨᠡᠶᠢᠲᠡᠯᠡᠵᠦ᠂ ᠠᠵᠢᠯᠲᠠᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠭᠤᠤᠯᠳᠠᠯᠭ᠎ᠠ ᠶᠢ ᠡᠵᠡᠮᠰᠢᠭᠦᠯᠦᠨ᠎ᠡ᠃ ᠢᠯᠡᠷᠬᠡᠶ ᠪᠠᠶᠢᠷᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠤᠷᠢᠶ᠎ᠠ᠂ ᠵᠠᠷᠯᠠᠯ ᠨᠠᠭᠠᠵᠣ᠂ ᠪᠦᠬᠦ ᠲᠠᠯ᠎ᠠ ᠪᠠᠷ᠂ ᠣᠯᠠᠨ ᠦᠨᠴᠦᠭ ᠪᠣᠯᠣᠩ᠂ ᠤᠯᠠᠨ ᠳᠠᠪᠬᠤᠷᠭᠠᠲᠣ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠥᠷᠨᠢᠭᠦᠯᠵᠦ᠂ ᠨᠡᠶᠢᠭᠡᠮ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃         ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠨ᠎ᠡ
        ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠴᠢᠬᠤᠯᠠ ᠠᠭᠤᠯᠭ᠎ᠠ ᠪᠣᠯᠭᠠᠵᠣ᠂ ᠪᠤᠭᠤᠲᠤ ᠬᠤᠲᠠ ᠶᠢᠨ ︽ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠬᠠᠭᠤᠯᠤᠨ ᠲᠠᠶᠢᠯᠪᠤᠷᠢᠯᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠢᠵᠢᠭ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号