ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠠᠭᠠᠬᠢᠭᠠᠳ ᠬᠤᠶᠢᠰᠢᠯᠠᠨ ᠶᠠᠪᠤᠭᠳᠠᠬᠤ ᠪᠣᠶ︖ ᠰᠤᠷᠭᠠᠨ ᠬᠥᠮᠦᠵᠢᠯ ᠤᠨ ᠶᠠᠮᠤᠨ ᠬᠤᠶᠠᠷ ᠲᠠᠯ᠎ᠠ ᠶᠢᠨ ᠪᠣᠳᠣᠯᠬᠢᠯᠠᠬᠤ ᠬᠦᠴᠦᠨ ᠵᠦᠶᠯ ᠳᠤ ᠬᠠᠷᠢᠭᠤ ᠥᠭᠪᠡ
ᠨᠡᠶᠢᠲᠡᠯᠡᠭᠰᠡᠨ ᠴᠠᠭ᠄
2020-04-14
         ᠠᠷᠠᠳ ᠤᠨ ᠰᠦᠯᠵᠢᠶ᠎ᠡ ᠶᠢᠨ ᠪᠡᠭᠡᠵᠢᠩ ᠤᠨ 3 ᠰᠠᠷ᠎ᠠ ᠶᠢᠨ 31 ᠤ ᠡᠳᠦᠷ ᠤᠨ ᠮᠡᠳᠡᠭᠡ ︵ᠰᠦᠨ ᠵᠢᠩ︶ ᠲᠥᠷᠥ ᠶᠢᠨ ᠶᠠᠪᠣᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠤᠷᠢᠭᠯᠠᠬᠤ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠤ ᠰᠤᠷᠭᠠᠨ ᠬᠥᠮᠦᠵᠢᠯ ᠤᠨ ᠰᠤᠷᠤᠯᠭ᠎ᠠ ᠬᠢᠴᠢᠶᠡᠯ ᠰᠡᠷᠭᠦᠭᠡᠭᠰᠡᠨ ᠵᠡᠷᠭᠡ ᠪᠠᠶᠢᠳᠠᠯ ᠢ ᠲᠠᠨᠢᠯᠴᠠᠭᠤᠯᠪᠠ᠃ ᠰᠤᠷᠭᠠᠨ ᠬᠥᠮᠦᠵᠢᠯ ᠤᠨ ᠶᠠᠮᠤᠨ ᠤ ᠰᠢᠨᠡᠬᠡᠨ ᠨᠡᠶᠢᠲᠡᠯᠡᠭᠰᠡᠨ 2020 ᠣᠨ ᠤ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠬᠤᠶᠢᠰᠢᠯᠠᠭᠤᠯᠬᠤ ᠠᠯᠪᠠᠨ ᠵᠠᠷ ᠲᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ   ᠶᠢᠨ ᠵᠤᠷᠭᠠᠨ ᠤ ᠳᠠᠷᠤᠭ᠎ᠠ ᠸᠠᠩ ᠬᠤᠶ ᠢᠯᠡᠷᠬᠡᠶᠢᠯᠡᠬᠦ ᠳᠡᠭᠡᠨ᠂ 2020 ᠣᠨ ᠤ ᠪᠥᠬᠦ ᠤᠯᠤᠰ ᠤᠨ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 1071 ᠲᠦᠮᠡ ᠪᠠᠶᠢᠵᠣ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠨᠢᠭᠡ ᠰᠠᠷ᠎ᠠ ᠬᠤᠶᠢᠰᠢᠯᠠᠭᠤᠯᠬᠤ ᠨᠢ ︽ᠡᠷᠡᠭᠦᠯ ᠮᠡᠨᠳᠦ ᠶᠢ ᠲᠡᠷᠢᠭᠦᠨ  ᠳᠤ ᠲᠠᠯᠪᠢᠬᠤ︾ ᠪᠠ ︽ᠲᠥᠪ ᠭᠤᠤᠯᠴᠢ ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠲᠤ ᠬᠤᠯᠪᠣᠭᠳᠠᠭᠰᠠᠨ ᠬᠥᠮᠦᠰ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠠᠴᠠ ᠥᠷᠭᠡᠨ ᠣᠯᠠᠨ ᠰᠢᠯᠠᠭᠠᠭᠤᠯᠣᠭᠴᠢ ᠢᠯᠠᠩᠭᠤᠶ᠎ᠠ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠢᠯᠭᠠᠭᠤᠯᠤᠭᠴᠢᠳ ᠤᠨ ᠲᠠᠪᠲᠠᠯᠭ᠎ᠠ ᠪᠡᠯᠡᠳᠭᠡᠯ ᠳᠤ ᠦᠵᠡᠭᠦᠯᠬᠦ ᠨᠥᠯᠥᠭᠡ ᠶᠢ ᠦᠨᠡᠨ ᠬᠦ ᠬᠠᠮᠤᠭ ᠤᠨ ᠳᠣᠤᠷ᠎ᠠ ᠬᠡᠮᠵᠢᠶᠡᠨ ᠳᠤ ᠬᠦᠷᠭᠡᠬᠦ ᠪᠣᠯᠤᠨ᠎ᠠ᠃          ᠸᠠᠩ ᠾᠤᠢ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠪᠠ ︽ᠲᠥᠪ ᠭᠤᠤᠯᠴᠢ ᠶᠢ ᠲᠡᠷᠢᠭᠦᠨ ᠳᠤ ᠲᠠᠯᠪᠢᠬᠤ︾ᠬᠤᠶᠠᠷ ᠲᠠᠯ᠎ᠠ ᠶᠢᠨ ᠪᠣᠳᠣᠯᠬᠢᠯᠠᠬᠤ ᠬᠦᠴᠦᠨ ᠵᠦᠶᠯ ᠢ ᠨᠠᠷᠢᠨ ᠲᠠᠨᠢᠯᠴᠠᠭᠤᠯᠪᠠ᠄          ᠨᠢᠭᠡ ᠳᠤ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ᠥᠷᠭᠡᠨ ᠣᠯᠠᠨ ᠰᠢᠯᠠᠭᠠᠭᠤᠯᠣᠭᠴᠢ ᠪᠠ ᠰᠢᠯᠭᠠᠯᠲᠠ ᠳᠤ ᠬᠤᠯᠪᠣᠭᠳᠠᠭᠰᠠᠨ ᠬᠥᠮᠦᠰ ᠤᠨ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠣᠳᠣᠬᠠᠨ ᠳᠤ᠂ ᠪᠦᠬᠦ ᠤᠯᠤᠰ ᠤᠨ ᠲᠤᠰ ᠭᠠᠵᠠᠷ ᠣᠷᠣᠨ ᠤ ᠬᠢᠵᠢᠭ ᠤᠨ ᠲᠠᠷᠬᠠᠯᠲᠠ ᠨᠢᠭᠡᠨᠲᠡ ᠦᠨᠳᠣᠰᠣᠨ ᠳᠡᠭᠡᠨ  ᠲᠠᠰᠤᠯᠤᠭᠳᠠᠭᠰᠠᠨ ᠪᠣᠯᠪᠠᠴᠤ ᠬᠡᠰᠡᠭ ᠪᠤᠰᠠᠭ ᠡᠪᠡᠳᠴᠢᠨ ᠤ ᠵᠢᠱᠢᠶ᠎ᠡ ᠪᠣᠯᠤᠨ ᠬᠡᠰᠡᠭ ᠭᠠᠵᠠᠷ ᠲᠤ ᠬᠢᠵᠢᠭ ᠡᠭᠦᠰᠬᠦ ᠲᠦᠭᠰᠢᠭᠦᠷᠢ ᠮᠥᠨ ᠬᠦ ᠣᠷᠣᠰᠢᠵᠤ᠂ ᠬᠢᠯᠢ ᠶᠢᠨ ᠭᠠᠳᠠᠨᠠᠬᠢ ᠬᠢᠵᠢᠭ ᠦᠷᠪᠢᠰᠬᠦ ᠪᠠᠶᠢᠳᠠᠯ  ᠲᠠᠢ ᠪᠣᠯᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠳᠤ ᠭᠠᠳᠠᠨ᠎ᠠ ᠠᠴᠠ ᠤᠷᠤᠵᠦ ᠢᠷᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠡᠷᠡᠭᠦᠯ  ᠬᠠᠮᠠᠭᠠᠯᠠᠯ ᠬᠢᠵᠢᠭ ᠰᠡᠷᠭᠡᠶᠢᠯᠡᠬᠦ ᠲᠤᠰᠬᠠᠶ ᠮᠡᠷᠭᠡᠵᠢᠯᠲᠡᠨ ᠤ ᠦᠵᠡᠬᠦ  ᠪᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠨᠢᠭᠡ ᠰᠠᠷ᠎ᠠ ᠬᠤᠶᠢᠰᠢᠯᠠᠭᠤᠯᠬᠤ ᠳᠤ ᠬᠦᠷᠪᠡᠯ᠂ ᠬᠢᠵᠢᠭ ᠢ ᠰᠡᠷᠭᠡᠶᠢᠯᠡᠨ ᠬᠤᠷᠢᠭᠯᠠᠬᠤ ᠲᠦᠭᠰᠢᠭᠦᠷᠢ ᠬᠠᠷᠢᠴᠠᠩᠭᠤᠶ ᠪᠠᠷ ᠨᠠᠩ ᠪᠠᠭ᠎ᠠ ᠪᠤᠯᠤᠨ᠎ᠠ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ  ᠰᠢᠯᠭᠠᠯᠲᠠ ᠪᠣᠯ ᠲᠦᠭ ᠲᠦᠮᠡᠨ ᠰᠢᠯᠭᠠᠭᠤᠯᠤᠭᠴᠢ ᠳᠤ ᠬᠤᠯᠪᠣᠭᠳᠠᠬᠤ ᠶᠡᠭᠡ ᠬᠡᠪᠴᠢᠶᠡᠨ ᠤ ᠰᠣᠩᠭᠤᠯᠲᠠ ᠶᠢᠨ ᠴᠢᠨᠠᠷᠲᠠᠶ ᠰᠢᠯᠭᠠᠯᠲᠠ ᠮᠥᠨ᠂ ᠡᠷᠬᠡᠪᠰᠢ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠮᠤᠭ ᠤᠨ ᠯᠠᠪᠳᠠᠭᠤᠨ᠂ ᠠᠶᠤᠯ ᠲᠦᠭᠰᠢᠭᠦᠷᠢ ᠬᠠᠮᠤᠭ ᠤᠨ ᠪᠠᠭ᠎ᠠ ᠲᠦᠰᠣᠯ ᠢ ᠠᠪᠴᠤ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠳᠤ ᠬᠤᠯᠪᠣᠭᠳᠠᠭᠰᠠᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠶ᠃          ᠬᠤᠶᠠᠷ ᠲᠤ《ᠲᠦᠪ ᠭᠤᠤᠯᠴᠢ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠠᠴᠠ ᠦᠷᠭᠡᠨ ᠤᠯᠠᠨ ᠰᠢᠯᠭᠠᠭᠤᠯᠤᠭᠴᠢ ᠢᠯᠠᠩᠭᠤᠶ᠎ᠠ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠢᠯᠭᠠᠭᠤᠯᠤᠭᠴᠢᠳ ᠤᠨ ᠲᠠᠪᠲᠠᠯᠭ᠎ᠠ ᠪᠡᠯᠡᠳᠭᠡᠯ ᠳᠤ ᠦᠵᠡᠭᠦᠯᠬᠦ ᠨᠥᠯᠥᠭᠡ ᠶᠢ ᠦᠨᠡᠨ ᠬᠦ ᠬᠠᠮᠤᠭ ᠤᠨ  ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠬᠢᠵᠢᠭ ᠡᠭᠦᠰᠦᠭᠰᠡᠨ ᠤ ᠳᠠᠷᠠᠭ᠎ᠠ᠂ ᠡᠯ᠎ᠡ ᠭᠠᠵᠠᠷ  ᠤᠨ ᠬᠢᠨ ᠰᠤᠷᠭᠠᠭᠤᠯᠢ ᠡᠬᠢᠯᠡᠬᠦ ᠶᠢ ᠬᠤᠶᠢᠰᠢᠯᠠᠭᠤᠯᠤᠭᠰᠠᠨ ᠪᠥᠭᠡᠳ ᠥᠨᠳᠥᠷ ᠳᠤᠮᠳᠠᠳᠤ ᠶᠢᠨ ᠭᠤᠷᠪᠠᠳᠤᠭᠠᠷ ᠣᠨ  ᠤ ᠰᠣᠷᠣᠭᠴᠢ ᠶᠢ ᠬᠡᠷ ᠲᠤ ᠨᠢ ᠰᠤᠷᠤᠯᠴᠠᠭᠤᠯᠤᠭᠰᠠᠨ ᠠᠴᠠ ᠰᠣᠷᠣᠭᠴᠢ ᠶᠢᠨ ᠳᠠᠪᠲᠠᠬᠤ ᠪᠡᠯᠡᠳᠬᠡᠯ ᠰᠢᠯᠭᠠᠯᠲᠠ ᠨᠡᠶᠢᠳᠡᠮ ᠨᠥᠯᠥᠭᠡᠯᠡᠭᠳᠡᠵᠦ᠂ ᠢᠯᠠᠩᠭᠤᠶ᠎ᠠ ᠬᠤᠲᠠ ᠬᠥᠳᠡᠭᠡ ᠶᠢᠨ ᠰᠦᠯᠵᠢᠶᠡᠨ ᠤ ᠰᠤᠷᠤᠯᠴᠠᠬᠤ ᠨᠥᠬᠦᠴᠡᠯ ᠵᠡᠷᠭᠡ ᠵᠥᠷᠢᠶ᠎ᠡ ᠠᠴᠠ ᠪᠣᠯᠵᠣ᠂ ᠬᠡᠰᠡᠭ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠣᠷᠣᠭᠴᠢ  ᠶᠢᠨ ᠳᠠᠪᠲᠠᠬᠤ ᠪᠡᠯᠡᠳᠬᠡᠯ ᠰᠢᠯᠭᠠᠯᠲᠠ ᠨᠥᠯᠥᠭᠡᠯᠡᠭᠳᠡᠬᠦ ᠨᠢ ᠨᠠᠩ ᠶᠡᠭᠡ ᠪᠤᠯᠪᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠦᠨᠳᠦᠰᠦᠨ ᠥᠷᠲᠡᠭ ᠤᠨ ᠬᠠᠨᠳᠤᠰᠢ ᠨᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠪᠤᠯᠤᠨ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢ ᠨᠢᠭᠡ ᠰᠠᠷ᠎ᠠ ᠬᠤᠶᠢᠰᠢᠯᠠᠭᠤᠯᠬᠤ ᠨᠢ᠂ ᠰᠢᠯᠭᠠᠭᠤᠯᠤᠭᠴᠢ ᠶᠢ ᠵᠢᠭᠠᠨ ᠰᠤᠷᠭᠠᠯᠲᠠ ᠶᠢᠨ ᠲᠥᠯᠥᠪᠯᠡᠭᠡ ᠶᠣᠰᠣᠭᠠᠷ ᠰᠤᠷᠭᠠᠭᠤᠯᠢ ᠳᠤ ᠲᠥᠪᠯᠡᠷᠡᠭᠦᠯᠦᠨ ᠰᠤᠷᠤᠯᠴᠠᠭᠤᠯᠬᠤ ᠶᠢᠨ ᠤᠯᠠᠮ ᠠᠴᠠ ᠰᠤᠷᠭᠠᠨ ᠬᠥᠮᠦᠵᠢᠯ ᠤᠨ ᠲᠥᠪ ᠭᠤᠤᠯᠴᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号