ᠡᠷᠦᠬᠡ ᠳᠤ ᠣᠷᠣᠵᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠬᠠᠤᠯᠢ ᠳᠦᠷᠢᠮ ᠤᠨ ᠤᠬᠠᠭᠤᠯᠭ᠎ᠠ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2020-04-17
        2020 ᠣᠨ ᠤ 4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠲᠠᠪᠣᠳᠣᠭᠠᠷ ︽ᠪᠥᠬᠦ ᠠᠷᠠᠳ ᠤᠨ ᠤᠯᠤᠰ ᠤᠨ ᠠᠮᠣᠷ ᠲᠦᠪᠰᠢᠨ ᠤ ᠬᠥᠮᠦᠵᠢᠯ ᠤᠨ ᠡᠳᠦᠷ︾ ᠮᠥᠨ᠂ ᠬᠠᠷᠢᠶᠠᠲᠤ ᠣᠷᠣᠨ ᠤ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ︽ᠤᠯᠤᠰ ᠣᠷᠣᠨ ᠤ ᠠᠮᠤᠷ ᠲᠦᠪᠰᠢᠨ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ
        4 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷᠠᠴᠤᠳ ᠬᠠᠷᠢᠶ᠎ᠠ ᠣᠷᠣᠨ ᠳᠤ ᠭᠦᠨᠵᠡᠭᠡᠶᠢᠷᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠤᠯᠠᠨ ᠲᠦᠮᠡᠨ ᠳᠤ ︽ᠤᠯᠤᠰ ᠤᠨ ᠠᠮᠣᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾᠂ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠨ᠎ᠠ᠃ ᠡᠭᠦᠨ ᠤ ᠬᠠᠮᠲᠤ ᠪᠠᠰᠠ ︽ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠢᠬᠦ᠂ ᠣᠶᠤᠨᠴᠢ ᠪᠠᠷ ᠡᠷᠬᠡ ᠪᠠᠨ ᠬᠠᠮᠠᠭᠠᠯᠠᠬᠤ︾ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠶᠡᠭᠡ ᠪᠠᠷ ᠤᠬᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠠᠳᠠᠯᠢ ᠪᠤᠰᠤ ᠬᠥᠮᠦᠰ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠴᠢᠷᠮᠠᠶᠢᠨ ᠬᠠᠩᠭᠠᠵᠤ᠂ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠯ᠎ᠠ ᠪᠠᠷ ᠰᠢᠨ᠎ᠡ ᠶᠠᠰᠤ ᠴᠢᠨᠠᠷ ᠦᠷ᠎ᠡ ᠪᠦᠲᠦᠮᠵᠢ ᠤᠯᠬᠤ ᠶᠢ ᠭᠦᠨᠵᠡᠭᠡᠶ ᠲᠦᠯᠬᠢᠨ ᠠᠬᠢᠭᠤᠯᠪᠠ᠃         ᠠᠷᠠᠳ ᠢᠷᠭᠡᠳ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡ ᠪᠠᠨ ᠭᠦᠢᠴᠡᠳᠭᠡᠭᠦ ᠤᠬᠠᠮᠰᠠᠷᠲᠤ ᠴᠢᠨᠠᠷ᠂ ᠰᠠᠨᠠᠭᠠᠴᠢᠯᠠᠭᠠᠲᠣ ᠴᠢᠨᠠᠷ᠂ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号