ᠰᠢᠭᠤᠶᠢᠲᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2020-04-17
        ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠰᠢᠭᠤᠶᠢᠲᠤ ᠲᠣᠭᠤᠷᠢᠭ ᠤᠨ ᠪᠠᠷᠢᠯᠭ᠎ᠠ ᠶᠢᠨ ᠠᠵᠢᠯ ᠠᠴᠠ ᠪᠣᠯᠵᠤ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠰᠢᠭᠤᠶᠢᠲᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠨᠵᠧᠨᠧᠷᠢᠩ ᠤᠨ ᠵᠢᠷᠤᠭ ᠲᠦᠯᠦᠪᠯᠡᠭᠡᠨ ᠤ ᠠᠵᠢᠯᠲᠠᠨ ᠢ ᠳᠠᠭᠠᠭᠤᠯᠤᠨ ᠲᠥᠷᠥᠯ ᠵᠦᠢᠯ ᠳᠤ ᠬᠤᠯᠪᠣᠭᠳᠠᠭᠰᠠᠨ ᠪᠠᠳᠺᠠᠷ ᠵᠣᠣ ᠪᠠᠯᠭᠠᠰᠤ᠂ ᠪᠠᠶ ᠬᠤ᠋ ᠭᠸᠦ ᠵᠡᠭᠡᠯᠢ ᠭᠤᠳᠤᠮᠵᠢ ᠶᠢᠨ 4 ᠵᠠᠰᠠᠭ ᠵᠠᠬᠢᠷᠭᠠᠨ ᠤ ᠲᠣᠰᠬᠤᠨ ᠤ 8 ᠠᠶᠢᠯ ᠲᠣᠰᠬᠤᠨ ᠪᠣᠯᠤᠨ ᠲᠣᠰᠬᠤᠨ᠂ ᠪᠠᠯᠭᠠᠰᠤ ᠬᠤᠶᠠᠷ ᠱᠠᠲᠤᠨ ᠤ ᠺᠠᠳ᠋ᠷ ᠳᠠᠬᠢᠨᠲᠠ ᠵᠣᠯᠭᠠᠯᠳᠤᠵᠤ᠂ ᠭᠠᠵᠠᠷ ᠰᠢᠷᠣᠶ ᠳᠠᠷᠠᠭᠠᠯᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠰᠠᠭᠤᠳᠠᠯ ᠢ ᠣᠷᠢᠳᠴᠢᠯᠠᠨ ᠢᠯᠡᠷᠡᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠬᠡᠷᠡᠭᠵᠢᠭᠦᠯᠬᠦ ᠳᠤ ᠬᠠᠷᠰᠢ ᠰᠠᠭᠠᠳ ᠢ ᠠᠷᠢᠯᠭᠠᠵᠤ ᠥᠭᠴᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号