2020 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠨᠢᠭᠡ ᠰᠠᠷ᠎ᠠ ᠬᠤᠶᠢᠰᠢᠯᠠᠭᠤᠯᠵᠤ ᠰᠢᠯᠭᠠᠬᠤ ᠴᠠᠭ ᠨᠢ 7 ᠰᠠᠷ᠎ᠠ ᠶᠢᠨ 7 ᠠᠴᠠ 8 ᠤ ᠡᠳᠦᠷ ᠪᠤᠯᠤᠨ᠎ᠠ
ᠨᠡᠶᠢᠲᠡᠯᠡᠭᠰᠡᠨ ᠴᠠᠭ᠄
2020-04-17
        ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 3 ᠰᠠᠷ᠎ᠠ ᠶᠢᠨ 31 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠣᠣ ᠧ ᠨᠦᠸᠧ᠂ ᠵᠠᠩ ᠱᠦᠸᠧ︶ ᠰᠤᠷᠭᠠᠨ ᠬᠥᠮᠦᠵᠢᠯ ᠤᠨ ᠶᠠᠮᠤᠨ 31 ᠤ ᠡᠳᠦᠷ ︽2020 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ  ᠴᠠᠭ ᠤᠨ ᠲᠣᠬᠢᠷᠠᠭᠤᠯᠤᠯᠲᠠ ᠶᠢᠨ ᠲᠤᠬᠠᠶ ᠠᠯᠪᠠᠨ ᠵᠠᠷᠯᠠᠯ︾ ᠢ ᠨᠡᠶᠢᠲᠡᠯᠡᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ 2020 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠨᠢᠭᠡ ᠰᠠᠷ᠎ᠠ ᠬᠤᠶᠢᠰᠢᠯᠠᠭᠤᠯᠵᠤ᠂ ᠰᠢᠯᠭᠠᠬᠤ ᠴᠠᠭ ᠨᠢ  7  ᠰᠠᠷ᠎ᠠ ᠶᠢᠨ 7 ᠠᠴᠠ 8 ᠤ ᠡᠳᠦᠷ ᠪᠣᠯᠤᠨ᠎ᠠ᠃ ᠪᠣᠳᠠᠲᠠᠶ ᠬᠢᠴᠢᠶᠡᠯ ᠲᠥᠷᠥᠯ ᠤᠨ ᠰᠢᠯᠭᠠᠬᠤ ᠴᠠᠬ ᠤᠨ ᠲᠤᠬᠢᠷᠠᠭᠤᠯᠤᠯᠳᠠ ᠨᠢ᠄ 7 ᠰᠠᠷ᠎ᠠ ᠶᠢᠨ 7 ᠤ ᠡᠳᠦᠷ᠂ ᠬᠡᠯᠡ ᠪᠢᠴᠢᠭ 9᠄ 00 ᠠᠴᠠ 11᠄ 30︔ ᠲᠣᠭᠠᠨ ᠤ ᠤᠬᠠᠭᠠᠨ 15᠄ 00 — 17᠄ 00᠃ 7 ᠰᠠᠷ᠎ᠠ ᠶᠢᠨ 8 ᠤ ᠡᠳᠦᠷ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ 9᠄ 00 — 11᠄ 30︔ ᠭᠠᠳᠠᠭᠠᠳᠤ ᠬᠡᠯᠡ 15᠄ 00 — 17᠄ 00᠃         ᠬᠤᠪᠸᠢ ᠮᠤᠵᠢ᠂ ᠪᠡᠭᠡᠵᠢᠩ ᠬᠤᠲᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠬᠯᠠᠵᠤ ᠪᠠᠶᠢᠭ᠎ᠠ ᠪᠠᠶᠢᠳᠠᠯ ᠢᠶᠠᠨ ᠦᠨᠳᠦᠰᠦᠯᠡᠵᠦ᠂ ᠲᠣᠰ ᠭᠠᠵᠠᠷ ᠣᠷᠣᠨ ᠤ ᠪᠠᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠤᠨ ᠲᠣᠬᠢᠷᠠᠭᠤᠯᠤᠯᠲᠠ ᠶᠢᠨ ᠲᠤᠬᠠᠢ ᠰᠠᠨᠠᠯ ᠢ ᠰᠤᠳᠤᠯᠤᠨ ᠳᠤᠷᠠᠳᠴᠤ᠂ ᠰᠤᠷᠭᠠᠨ  ᠬᠥᠮᠦᠵᠢᠯ ᠤᠨ ᠶᠠᠮᠤᠨ ᠲᠠᠢ ᠵᠥᠪᠳᠡᠯᠴᠡᠵᠦ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠭᠡᠮ ᠳᠤ ᠨᠡᠶᠢᠳᠡᠯᠡᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号