ᠴᠢᠩᠬᠤᠸᠠ ᠶᠡᠭᠡ ᠰᠤᠷᠭᠠᠭᠤᠯᠢ ᠣᠯᠠᠨ ᠨᠡᠶᠢᠲᠡ ᠶᠢᠨ ᠠᠷᠢᠭᠤᠨ ᠴᠡᠪᠡᠷ ᠪᠠ ᠡᠷᠡᠭᠦᠯ ᠮᠡᠨᠳᠦ ᠶᠢᠨ ᠳᠡᠭᠡᠳᠦ ᠰᠤᠷᠭᠠᠭᠤᠯᠢ ᠶᠢ ᠪᠠᠶᠢᠭᠤᠯᠪᠠ
ᠨᠡᠶᠢᠲᠡᠯᠡᠭᠰᠡᠨ ᠴᠠᠭ᠄
2020-04-17
        ᠠᠷᠠᠳ ᠤᠨ ᠡᠳᠦᠷ ᠤᠨ ᠰᠣᠨᠢᠨ ᠤ ᠱᠧᠨᠵᠧᠨ ᠤ 4 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠾᠧ ᠯᠢᠨ ᠫᠢᠩ︶ 4 ᠰᠠᠷ᠎ᠠ ᠶᠢᠨ 2 ᠤᠨ ᠡᠳᠦᠷ᠂ ᠴᠢᠩᠬᠤᠸᠠ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠠᠷᠢᠭᠤᠨ ᠴᠡᠪᠡᠷ ᠬᠢᠭᠡᠳ ᠡᠷᠡᠭᠦᠯ ᠮᠡᠨᠳᠦ ᠶᠢᠨ ᠳᠡᠭᠡᠳᠦ ᠰᠤᠷᠭᠠᠭᠤᠯᠢ ᠵᠢᠩᠬᠢᠨᠢ ᠪᠠᠷ ᠪᠠᠶᠢᠭᠤᠯᠤᠭᠳᠠᠪᠠ᠃ ᠳᠡᠭᠡᠳᠦ  ᠰᠤᠷᠭᠠᠭᠤᠯᠢ ᠨᠢ ᠴᠢᠩᠬᠤᠸᠠ ᠶᠡᠭᠡ ᠰᠤᠷᠭᠠᠭᠤᠯᠢ ᠪᠣᠯᠤᠨ ᠸᠠᠨ ᠺᠧ ᠬᠠᠮᠲᠤ ᠪᠠᠷ ᠪᠠᠶᠢᠭᠤᠯᠣᠭᠰᠠᠨ ᠪᠣᠯᠬᠤᠷ᠂ ᠸᠠᠨ ᠺᠧ ᠠᠵᠤ ᠠᠬᠤᠶᠢᠯᠠᠯ ᠤᠨ ᠬᠤᠪᠢ ᠣᠷᠣᠭᠤᠯᠤᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠥᠪ ᠤᠨ ᠪᠥᠬᠦ ᠡᠳ᠋ ᠬᠥᠷᠥᠩᠭᠡ᠂ 2 ᠳ᠋ᠦᠩᠰᠢᠭᠤᠷ ᠬᠤᠪᠢ ᠸᠠᠨ ᠺᠧ ᠰᠲ᠋ᠣᠺ ᠢ ᠴᠢᠩᠬᠤᠸᠠ ᠶᠡᠭᠡ ᠰᠤᠷᠭᠠᠭᠤᠯᠢ  ᠶᠢᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠲᠤ ᠨᠢᠭᠡ ᠯᠡ ᠳᠡᠭᠡᠷ᠎ᠡ ᠪᠡᠯᠡᠭᠯᠡᠨ ᠬᠦᠷᠭᠡᠵᠦ᠂ ︽ᠴᠢᠩᠬᠤᠸᠠ ᠶᠡᠭᠡ ᠰᠤᠷᠭᠠᠭᠤᠯᠢ ᠶᠢᠨ ᠸᠠᠨ ᠺᠧ ᠣᠯᠠᠨ ᠨᠡᠶᠢᠲᠡ ᠶᠢᠨ ᠠᠷᠢᠭᠤᠨ ᠴᠡᠪᠡᠷ ᠬᠢᠭᠡᠳ ᠡᠷᠡᠭᠦᠯ ᠮᠡᠨᠳᠦ  ᠶᠢᠨ ᠰᠢᠨᠵᠢᠯᠡᠭᠡᠨ ᠤ ᠬᠥᠭᠵᠢᠯᠲᠡ ᠶᠢᠨ ᠲᠤᠰᠬᠠᠶ ᠰᠠᠭᠤᠷᠢ ᠮᠥᠩᠭᠦ︾ ᠶᠢ ᠪᠠᠶᠢᠭᠤᠯᠬᠤ ᠳᠤ ᠬᠡᠷᠡᠭᠯᠡᠵᠡᠶ᠃         ᠰᠢᠨ᠎ᠡ ᠪᠠᠷ ᠪᠠᠶᠢᠭᠤᠯᠤᠭᠰᠠᠨ ᠣᠯᠠᠨ ᠨᠡᠶᠢᠲᠡ ᠶᠢᠨ ᠠᠷᠢᠭᠤᠨ ᠴᠡᠪᠡᠷ ᠬᠢᠭᠡᠳ ᠡᠷᠡᠭᠦᠯ ᠮᠡᠨᠳᠦ ᠶᠢᠨ ᠳᠡᠭᠡᠳᠦ ᠰᠤᠷᠭᠠᠭᠤᠯᠢ ᠨᠢ ᠶᠡᠷᠣᠩᠬᠡᠶᠢᠯᠡᠭᠰᠡᠨ᠂ ᠣᠯᠠᠨ ᠤᠯᠤᠰ ᠤᠨ᠂ ᠳᠡᠭᠡᠳᠦ ᠲᠠᠰ ᠤᠨ ᠵᠠᠷᠴᠢᠮ ᠶᠣᠰᠣᠭᠠᠷ᠂ ᠣᠯᠠᠨ ᠰᠢᠨᠵᠢᠯᠡᠭᠡᠨ ᠤ ᠪᠠᠭᠰᠢ ᠲᠠᠢ ᠬᠠᠮᠲᠤᠷᠠᠨ ᠰᠢᠨ᠎ᠡ ᠶᠢ ᠡᠭᠦᠳᠬᠦ᠂ ᠰᠣᠷᠣᠭᠴᠢ ᠶᠢᠨ ᠳᠡᠭᠡᠳᠦ ᠰᠤᠷᠭᠠᠭᠤᠯᠢ ᠶᠢᠨ ᠰᠠᠯᠪᠤᠷᠢ ᠠᠯᠤᠰᠯᠠ ᠬᠥᠮᠦᠵᠢᠭᠦᠯᠬᠦ ᠰᠢᠨ᠎ᠡ ᠬᠡᠪ ᠵᠠᠭᠪᠤᠷ ᠪᠠ ᠰᠣᠯᠪᠢᠴᠠᠨ ᠬᠠᠮᠵᠢᠯᠴᠠᠬᠤ ᠰᠢᠨ᠎ᠡ ᠰᠣᠶᠣᠯ ᠢ ᠡᠭᠦᠳᠦᠨ ᠪᠠᠶᠢᠭᠤᠯᠤᠨ᠎ᠠ᠃ ᠲᠥᠯᠥᠪᠯᠡᠭᠡ ᠶᠢᠨ ᠨᠢᠭᠡᠳᠦᠭᠡᠷ ᠠᠯᠬᠤᠮ ᠳᠤ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ᠂ ᠶᠡᠭᠡ ᠡᠷᠡᠭᠦᠯ ᠮᠡᠨᠳᠦ᠂ ᠡᠷᠡᠭᠦᠯ ᠮᠡᠨᠳᠦ ᠶᠢᠨ ᠲᠣᠮᠣ ᠳ᠋ᠠᠶᠢᠲ᠋ᠠ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠬᠢᠭᠡᠳ ᠬᠠᠮᠢᠶᠠᠷᠤᠯᠲᠠ ᠵᠡᠷᠭᠡ 4 ᠤᠯᠤᠰ ᠤᠨ ᠪᠠᠴᠢᠮ ᠬᠡᠷᠡᠭᠴᠡᠭᠡ ᠲᠠᠢ᠂ ᠢᠷᠡᠭᠡᠳᠦᠶ ᠳᠤ ᠬᠠᠨᠳᠤᠭᠤᠯᠤᠭᠰᠠᠨ ᠰᠢᠨᠵᠢᠯᠡᠭᠡᠨ ᠤ ᠴᠢᠭᠯᠡᠯ ᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠠᠰᠫᠢᠷᠠᠨᠲ ᠬᠥᠮᠦᠵᠢᠭᠦᠯᠬᠦ ᠪᠠᠷ ᠭᠤᠤᠯ ᠪᠣᠯᠭᠠᠵᠤ᠂ ᠡᠷᠳᠡᠮ ᠰᠢᠨᠵᠢᠯᠡᠭᠡᠨ ᠤ ᠬᠡᠯᠪᠡᠷᠢ ᠶᠢᠨ ᠪᠠ ᠲᠤᠰᠬᠠᠶ ᠮᠡᠷᠭᠡᠵᠢᠯ ᠤᠨ  ᠬᠡᠯᠪᠡᠷᠢ  ᠶᠢᠨ ᠴᠢᠳᠠᠪᠣᠷᠢᠳᠠᠨ ᠬᠥᠮᠦᠵᠢᠭᠦᠯᠬᠦ ᠶᠢ ᠬᠠᠮᠲᠤ ᠳᠤᠨᠢ ᠬᠠᠷᠠᠭᠠᠯᠵᠠᠨ᠎ᠠ᠃ ᠳᠡᠭᠡᠳᠦ ᠰᠤᠷᠭᠠᠭᠤᠯᠢ ᠨᠢ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠤᠤᠯ ᠤᠨ ᠶᠡᠷᠣᠩᠬᠡᠢ ᠠᠵᠢᠯᠯᠠᠭᠴᠢ ᠴᠧᠨ ᠹᠧᠩ ᠹᠦ᠋ ᠵᠧᠨ  ᠠᠩᠬᠠᠨ ᠤ ᠰᠤᠷᠭᠠᠭᠤᠯᠢ ᠶᠢᠨ ᠵᠠᠬᠢᠷᠤᠯ ᠪᠣᠯᠵᠣ᠂ ᠸᠠᠨ ᠺᠧ ᠶᠢ ᠡᠭᠦᠰᠬᠡᠨ ᠪᠠᠶᠢᠭᠤᠯᠣᠭᠴᠢ᠂ ᠬᠡᠷᠡᠭ ᠮᠡᠳᠡᠭᠴᠢᠳ ᠤᠨ ᠵᠥᠪᠯᠡᠯ ᠤᠨ ᠨᠡᠷ᠎ᠡ ᠬᠦᠨᠳᠦᠲᠦ ᠲᠡᠷᠢᠭᠦᠯᠡᠭᠴᠢ ᠸᠠᠩ ᠱᠢ ᠳᠡᠭᠡᠳᠦ ᠰᠣᠷᠭᠠᠭᠤᠯᠢ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠨᠡᠷ᠎ᠡ ᠬᠦᠨᠳᠦᠲᠦ ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠲᠣᠰᠢᠶᠠᠯ ᠢ ᠡᠭᠦᠷᠭᠡᠯᠡᠬᠦ ᠪᠠᠷ ᠪᠣᠶ᠃         ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ ᠶᠢᠨ ᠲᠥᠯᠥᠭᠡ᠂ ︽ᠴᠢᠩᠬᠤᠸᠠ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠠᠷᠢᠭᠤᠨ ᠴᠡᠪᠡᠷ ᠬᠢᠭᠡᠳ ᠡᠷᠡᠭᠦᠯ ᠮᠡᠨᠳᠦ ᠶᠢᠨ ᠰᠢᠨᠵᠢᠯᠡᠭᠡᠨ ᠤ ᠬᠥᠭᠵᠢᠯᠲᠡ ᠶᠢᠨ ᠲᠤᠰᠬᠠᠶ ᠰᠠᠭᠤᠷᠢ ᠮᠥᠩᠭᠦ︾ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ  ᠶᠢ ᠡᠭᠦᠳᠬᠦ᠂  ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠦᠷᠭᠦᠯᠵᠢᠯᠡᠨ ᠳᠡᠮᠵᠢᠯᠭᠡ ᠬᠠᠩᠭᠠᠬᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号