ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠶᠯᠡᠰ ᠤᠨ ᠡᠷᠬᠡ ᠶᠢ ᠪᠤᠴᠠᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/4/26
ᠰᠢᠭᠤᠶᠢᠲᠣ ᠠᠯᠪᠠᠨ ᠲᠠᠷᠬᠠᠭᠠᠭᠰᠠᠨ ︵2020︶ 11 ᠳ᠋ᠤᠭᠠᠷ ᠲᠣᠭᠠᠲᠤ        ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠯᠠᠪᠳᠠᠭᠤᠨ ᠢᠶᠠᠷ ᠠᠬᠢᠭᠤᠯᠤᠨ᠎ᠠ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠪᠠᠢᠭᠠᠯᠢ ᠎ ᠶᠢᠨ ᠬᠠᠮᠠᠭᠠᠯᠠᠯᠲᠠ ᠶᠢᠨ ᠣᠷᠣᠨ ᠤ ᠳᠦᠷᠢᠮ 》᠂ 《 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠶᠯᠡᠳᠪᠦᠷᠢ ᠠᠭᠤᠷᠬᠠᠶ ᠠᠵᠤ ᠠᠬᠤᠶᠢᠯᠠᠯ ᠤᠨ ᠪᠤᠴᠠᠭᠠᠨ ᠭᠠᠷᠭᠠᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 》 ( ᠥᠪᠥᠷ ᠵᠠᠰᠠᠭ ᠲᠠᠷᠬᠠᠭᠠᠭᠰᠠᠨ [ 2017 ] 28 ᠳ᠋ᠤᠭᠠᠷ ᠲᠣᠭᠠᠲᠤ )᠂ 《 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠡᠷᠬᠡ ᠶᠢ ᠪᠤᠴᠠᠭᠠᠵᠤ ᠭᠠᠷᠭᠠᠬᠤ ᠳᠤ ᠨᠥᠬᠦᠪᠥᠷᠢ ᠥᠭᠬᠦ ᠲᠤᠬᠠᠶ ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ 》 ( ᠥᠪᠥᠷ ᠵᠠᠰᠠᠭ ᠲᠠᠷᠬᠠᠭᠠᠭᠰᠠᠨ [ 2018 ] 19 ᠳ᠋ᠦ᠋ᠭᠡᠷ ᠲᠣᠭᠠᠲᠤ )᠂ 《 ᠪᠤᠭᠤᠲᠤ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠶᠯᠡᠰ ᠤᠨ ᠡᠷᠬᠡ ᠶᠢ ᠪᠤᠴᠠᠭᠠᠨ ᠭᠠᠷᠭᠠᠬᠤ ᠠᠷᠭ᠎ᠠ 》 ( [ 2018 ] 100 ᠳ᠋ᠤᠭᠠᠷ ᠲᠣᠭᠠᠲᠤ )᠂ 《 ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠎ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠶᠯᠡᠰ ᠤᠨ ᠡᠷᠬᠡ ᠶᠢ ᠪᠤᠴᠠᠭᠠᠬᠤ ᠶᠢᠨ ᠬᠡᠷᠡᠭᠵᠢᠭᠦᠯᠬᠦ ᠲᠥᠰᠦᠯ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠣᠭᠲᠠᠭᠠᠯ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠪᠠ᠄        ᠨᠢᠭᠡ᠂ ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠭᠤᠶᠢᠲᠤ ᠲᠣᠭᠤᠷᠢᠭ ᠤᠨ ᠬᠠᠷᠢᠶ᠎ᠠ ᠳᠣᠲᠣᠷᠠᠬᠢ ᠪᠣᠶ ᠪᠥᠬᠦᠶ ᠠᠭᠤᠷᠬᠠᠶ ᠶᠢᠨ ᠦᠶᠯᠡᠰ ᠤᠨ ᠡᠷᠬᠡ ᠶᠢᠨ ᠤᠬᠤᠷᠢᠨ ᠭᠠᠷᠬᠤ ᠬᠡᠪᠴᠢᠶ᠎ᠡ᠂ ᠤᠬᠤᠷᠢᠨ ᠭᠠᠷᠬᠤ ᠠᠷᠭ᠎ᠠ ᠮᠠᠶ᠋ᠢᠭ ᠵᠢᠴᠢ ᠤᠬᠤᠷᠢᠨ ᠭᠠᠷᠬᠤ ᠨᠥᠬᠦᠪᠥᠷᠢ ᠶᠢᠨ ᠬᠡᠪᠴᠢᠶ᠎ᠡ᠂ ᠪᠠᠷᠢᠮᠵᠢᠶ᠎ᠠ᠂ ᠲᠠᠰ ᠳᠠᠷᠠᠭᠠᠯᠠᠯ ᠢ ᠴᠥᠮ 《 ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠶ ᠶᠢᠨ ᠦᠶᠯᠡᠰ ᠤᠨ ᠡᠷᠬᠡ ᠶᠢᠨ ᠤᠬᠤᠷᠢᠨ ᠭᠠᠷᠬᠤ ᠬᠡᠷᠡᠭᠵᠢᠭᠦᠯᠬᠦ ᠲᠥᠰᠦᠯ 》 ᠶᠣᠰᠣᠭᠠᠷ ᠬᠡᠷᠡᠭᠵᠢᠭᠦᠯᠦᠨ᠎ᠡ᠃        ᠬᠤᠶᠠᠷ᠂ ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠠᠭᠤᠷᠬᠠᠶ ᠮᠠᠯᠲᠠᠬᠤ ᠡᠷᠬᠡ ᠲᠠᠢ ᠠᠵᠤ ᠠᠬᠤᠶᠢᠯᠠᠯ ᠨᠡᠶᠢᠲᠡ 19᠂ ᠠᠭᠤᠷᠬᠠᠶ ᠬᠠᠶᠢᠬᠤ ᠡᠷᠬᠡ ᠲᠠᠢ ᠠᠵᠤ ᠠᠬᠤᠶᠢᠯᠠᠯ 11 ᠪᠠᠶᠢᠵᠤ᠂ 《 ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠶᠯᠡᠰ ᠤᠨ ᠡᠷᠬᠡ ᠶᠢᠨ ᠤᠬᠤᠷᠢᠨ ᠭᠠᠷᠬᠤ ᠶᠢ ᠬᠡᠷᠡᠭᠵᠢᠭᠦᠯᠬᠦ ᠲᠥᠰᠦᠯ 》  ᠎ ᠤᠨ ᠱᠠᠭᠠᠷᠳᠠᠯᠭ᠎ᠠ ᠶᠣᠰᠣᠭᠠᠷ ᠤᠬᠤᠷᠢᠨ ᠭᠠᠷᠬᠤ ᠠᠭᠤᠷᠬᠠᠶ ᠶᠢᠨ ᠡᠷᠬᠡᠲᠦ ᠬᠥᠮᠦᠨ᠂ 《 ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠶᠯᠡᠰ ᠤᠨ ᠡᠷᠬᠡ ᠶᠢᠨ ᠤᠬᠤᠷᠢᠨ ᠭᠠᠷᠬᠤ ᠳᠤ ᠨᠥᠬᠦᠪᠥᠷᠢ ᠥᠭᠬᠦ ᠪᠦᠳᠦᠭᠦᠪᠴᠢ ᠵᠥᠪᠯᠡᠯᠴᠡᠭᠡᠷ 》 ᠲᠣᠭᠲᠠᠭᠰᠠᠨ ᠤ ᠳᠠᠷᠠᠭ᠎ᠠ᠂ ᠵᠥᠪᠳᠡᠯᠴᠡᠬᠡᠷ ᠲᠤ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠤᠬᠤᠷᠢᠨ ᠭᠠᠷᠬᠤ ᠶᠢ ᠵᠥᠪᠰᠢᠶᠡᠷᠡᠨ᠎ᠡ᠃        ᠭᠤᠷᠪᠠ᠂ 2020 ᠣᠨ ᠤ 5 ᠳ᠋ᠤᠭᠠᠷ ᠰᠠᠷ᠎ᠠ ᠶᠢᠨ 10  ᠎ ᠤ ᠡᠳᠦᠷ ᠪᠣᠯᠲᠠᠯ᠎ᠠ 《 ᠰᠢᠭᠤᠶᠢᠲᠤ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠶᠯᠡᠰ ᠤᠨ ᠡᠷᠬᠡ ᠶᠢ ᠪᠤᠴᠠᠭᠠᠬᠤ ᠳᠤ ᠨᠥᠬᠦᠪᠥᠷᠢ ᠥᠭᠬᠦ ᠪᠦᠳᠦᠭᠦᠪᠴᠢ ᠵᠥᠪᠯᠡᠯᠴᠡᠭᠡᠷ 》 ᠲᠣᠭᠲᠠᠭᠰᠠᠨ ᠥᠬᠡᠶ ᠠᠭᠤᠷᠬᠠᠶ ᠶᠢᠨ ᠡᠷᠬᠡᠲᠦ ᠬᠥᠮᠦᠨ ᠢ ᠠᠭᠤᠷᠬᠠᠶ ᠶᠢᠨ ᠦᠶᠯᠡᠰ ᠤᠨ ᠡᠷᠬᠡ ᠪᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠵᠦ᠂ ᠠᠭᠤᠷᠬᠠᠶ ᠶᠢᠨ ᠦᠶᠯᠡᠰ ᠤᠨ ᠡᠷᠬᠡ ᠶᠢ ᠰᠠᠨᠠᠭᠠᠴᠢᠯᠠᠭ᠎ᠠ ᠠᠴᠠ ᠪᠠᠨ ᠪᠤᠴᠠᠭᠠᠨ ᠭᠠᠷᠭᠠᠨ᠎ᠠ᠃ᠳᠥᠷᠪᠡ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠣᠨᠴᠠᠭᠠᠶᠢᠯᠠᠨ ᠵᠠᠷᠯᠠᠪᠠ᠃ᠬᠠᠷᠢᠯᠴᠠᠬᠤ ᠬᠥᠮᠦᠨ᠄ ᠬᠤᠤ ᠴᠦᠨ ᠭᠤᠸᠠᠩ ᠬᠠᠷᠢᠯᠴᠠᠬᠤ ᠤᠲᠠᠰᠤ᠄ 1868611113  ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 4 ᠰᠠᠷ᠎ᠠ ᠶᠢᠨ 26  ᠎ ᠤ ᠡᠳᠦᠷ
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号