2020 ᠣᠨ ᠤ ᠥᠪᠥᠷ ᠮᠣᠩᠭᠤᠯ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-04-27
        4 ᠰᠠᠷ᠎ᠠ ᠶᠢᠨ 2 ᠤᠨ ᠦᠳᠡ ᠶᠢᠨ ᠬᠤᠶᠢᠨ᠎ᠠ᠂ 2020 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠸᠢᠳᠢᠣ᠋ ᠬᠤᠷᠠᠯ ᠬᠤᠷᠠᠯᠳᠤᠪᠠ᠃ ᠬᠤᠷᠠᠯ ᠠᠴᠠ 2019 ᠤᠨ ᠤ ᠠᠵᠢᠯ ᠳᠤ ᠳ᠋ᠦᠡᠭᠨᠡᠯᠳᠠ ᠬᠢᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠵᠤ᠂ 2020 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠢ ᠲᠥᠯᠥᠪᠵᠢᠭᠦᠯᠦᠨ ᠪᠠᠶᠢᠷᠢᠯᠠᠭᠤᠯᠪᠠ᠃         ᠬᠤᠷᠠᠯ ᠠᠴᠠ᠂ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠤᠳᠤᠬᠠᠨ ᠤ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠳᠤ ᠳᠤᠯᠭᠠᠷᠠᠵᠤ ᠪᠠᠶᠢᠭ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠠᠶᠢᠯᠡᠯᠳᠤᠭᠠᠨ ᠪᠠ ᠰᠤᠷᠭᠠᠨ ᠬᠦᠮᠦᠵᠢᠯ ᠢᠶᠠᠷ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠦ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠪᠠ ᠰᠤᠷᠭᠠᠨ ᠬᠦᠮᠦᠵᠢᠯ ᠤᠨ ᠴᠡᠭᠴᠡᠯᠡᠨ ᠵᠠᠰᠠᠯᠳᠠ ᠶᠢᠨ ᠲᠦᠪᠰᠢᠨ ᠢ ᠳᠡᠬᠡᠭᠰᠢᠯᠡᠬᠦᠯᠵᠦ᠂ ᠤᠯᠠᠨ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠦᠮᠦᠵᠢᠯ ᠢ ᠡᠷᠬᠢᠯᠡᠬᠦ ᠪᠠᠷ ᠬᠦᠴᠦᠯᠡᠬᠦ ᠬᠡᠷᠡᠭᠳᠡᠢ ᠬᠡᠵᠦ ᠱᠠᠭᠠᠷᠳᠠᠪᠠ᠃ ᠬᠤᠷᠠᠯ ᠠᠴᠠ᠂ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠳᠤ ᠦᠢᠯᠡᠴᠢᠯᠡᠬᠦ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠬᠤ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠲᠠᠯ᠎ᠠ ᠪᠠᠷ ᠰᠢᠨ᠎ᠡ ᠦᠷ᠎ᠡ ᠪᠦᠲᠦᠮᠵᠢ ᠭᠠᠷᠭᠠᠬᠤ᠂ ᠰᠠᠭᠤᠷᠢ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠬᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠭᠤᠯᠬᠤᠨ ᠲᠠᠢ  ᠬᠦᠭᠵᠢᠯᠳᠡ ᠶᠢ ᠠᠬᠢᠭᠤᠯᠬᠤ᠂ ᠴᠥᠭᠡᠨ ᠲᠣᠭᠠᠲᠤ ᠦᠨᠳᠦᠰᠦᠲᠡᠨ ᠤ ᠳᠡᠭᠡᠳᠦ ᠳᠡᠰ ᠤᠨ ᠴᠢᠳᠠᠪᠤᠷᠢᠲᠠᠨ ᠬᠥᠮᠦᠵᠢᠭᠦᠯᠬᠦ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠬᠡ ᠲᠠᠯ᠎ᠠ ᠪᠠᠷ ᠡᠨᠡ ᠵᠢᠯ ᠤᠨ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号