ᠡᠨᠡ ᠵᠢᠯ ᠥᠪᠥᠷ ᠮᠣᠩᠭᠤᠯ ᠣᠷᠣᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ  ᠡᠨᠡ ᠵᠢᠯ 80% ᠳᠤ ᠬᠦᠷᠭᠡᠨ᠎ᠡ
ᠨᠡᠶᠢᠲᠡᠯᠡᠭᠰᠡᠨ ᠴᠠᠭ᠄
2020-04-27
        ᠰᠤᠷᠪᠤᠯᠵᠢᠯᠠᠭᠴᠢ ᠲᠦᠷᠦᠭᠦᠬᠡᠨ ᠬᠤᠷᠠᠯᠳᠤᠭᠰᠠᠨ 2020 ᠣᠨ ᠤ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠸᠢᠳᠢᠣ᠋ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠦᠯᠵᠢᠯᠡᠨ ᠥᠷᠭᠡᠳᠬᠡᠵᠦ᠂ ᠵᠢᠯ ᠤᠨ ᠳᠣᠲᠣᠷ᠎ᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 80% ᠳᠤ ᠬᠦᠷᠭᠡᠵᠤ᠂ ᠪᠦᠬᠦ ᠴᠡᠴᠡᠷᠯᠢᠭ ᠲᠠᠬᠢ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 50% ᠳᠤ ᠬᠦᠷᠭᠡᠨ᠎ᠠ᠃         ᠤᠢᠢᠯᠠᠭᠠᠬᠰᠠᠨ ᠢᠶᠠᠷ᠂ ᠡᠨᠡ ᠵᠢᠯ ᠮᠠᠨ ᠤ ᠣᠷᠣᠨ ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ  ᠬᠠᠮᠲᠤᠷᠠᠨ ᠬᠤᠲᠠ ᠪᠠᠯᠭᠠᠰᠤ ᠶᠢᠨ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠦᠭᠰᠡᠨ ᠬᠡᠦᠬᠡᠳ ᠤᠨ ᠴᠡᠴᠡᠷᠯᠢᠭ ᠢ ᠵᠠᠰᠠᠬᠤ ᠠᠵᠢᠯ ᠢ ᠪᠡᠶᠡᠯᠡᠭᠦᠯᠦᠨ᠎ᠡ᠃ ᠲᠦᠭᠡᠮᠡᠯ  ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠶᠢ ᠵᠢᠯ ᠳᠤ ᠰᠤᠷᠤᠭᠴᠢ ᠨᠢᠬᠡᠪᠦᠷᠢ ᠳᠤ ᠳᠤᠮᠳᠠᠴᠢ ᠪᠠᠷ   600 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠦᠢᠳᠭᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠬᠦ ᠪᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠦᠭᠡᠮᠡᠯ  ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠠᠵᠢᠯ ᠢ ᠵᠢᠷᠤᠮᠵᠢᠭᠤᠯᠵᠤ᠂ ᠡᠯ᠎ᠡ ᠭᠠᠵᠠᠷ ᠤᠨ ︽ᠪᠠᠭ᠎ᠠ ᠰᠤᠷᠭᠠᠭᠤᠯᠢᠴᠢᠯᠠᠭᠰᠠᠨ ᠴᠡᠴᠡᠷᠯᠢᠭ ᠡᠷᠬᠢᠯᠡᠬᠦ ᠶᠢ ᠵᠠᠰᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠤᠯᠭᠠᠯᠴᠠᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号