ᠪᠡᠭᠡᠵᠢᠩ ᠬᠤᠲᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠷᠢ ᠲᠦᠪᠰᠢᠨ ᠤ ᠰᠢᠯᠭᠠᠯᠳᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠳᠠ ᠶᠢᠨ ᠴᠠᠭ ᠪᠤᠯᠤᠨ ᠶᠡᠭᠡ ᠲᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠨᠢᠭᠡᠳᠦᠯᠳᠡᠢ ᠰᠢᠯᠭᠠᠯᠳᠠ ᠶᠢᠨ ᠴᠠᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2020-04-27
        ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 4 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠸᠧᠶ ᠸᠧᠶ︶ 12 ᠤᠨ ᠡᠳᠦᠷ᠂ ᠰᠤᠷᠪᠤᠯᠵᠢᠯᠠᠭᠴᠢ ᠪᠡᠭᠡᠵᠢᠩ ᠬᠤᠲᠠ ᠶᠢᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠄ ᠬᠢᠵᠢᠭ ᠢ ᠰᠡᠷᠭᠡᠶᠢᠯᠡᠨ ᠬᠤᠷᠢᠬᠯᠠᠬᠤ᠂ ᠰᠤᠷᠭᠠᠭᠤᠯᠢ ᠡᠬᠢᠯᠡᠬᠦ ᠶᠢ ᠬᠤᠶᠢᠰᠢᠯᠠᠭᠤᠯᠬᠤ ᠣᠨᠴᠠᠭᠠᠶ ᠪᠠᠶᠢᠳᠠᠯ ᠪᠠ ᠪᠡᠭᠡᠵᠢᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2020 ᠣᠨ ᠤ ᠪᠡᠭᠡᠵᠢᠩ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠢ 2020 ᠣᠨ ᠤ 7 ᠰᠠᠷ᠎ᠠ ᠶᠢᠨ 7 ᠤ ᠡᠳᠦᠷ ᠠᠴᠠ 10 ᠡᠳᠦᠷ ᠪᠤᠯᠳᠡᠯᠡᠬᠢ ᠴᠠᠭ ᠢᠶᠠᠷ ᠲᠣᠭᠲᠠᠭᠠᠪᠠ᠂ ᠡᠭᠦᠨ ᠳᠤ 7ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠳᠠᠯ᠎ᠠ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ  ᠡᠯᠰᠡᠬᠦ ᠨᠢᠭᠡᠳᠦᠯᠲᠡᠶ ᠰᠢᠯᠭᠠᠯᠲᠠ ᠶᠢᠨ ᠴᠠᠭ ᠪᠣᠯᠤᠨ᠎ᠠ︔ 7 ᠰᠠᠷ᠎ᠠ ᠶᠢᠨ 9 ᠤ ᠡᠳᠦᠷ ᠠᠴᠠ 10 ᠤ ᠡᠳᠦᠷ ᠪᠤᠯᠳᠡᠯᠡᠬᠢ ᠴᠠᠭ ᠪᠤᠯ ᠡᠩ ᠤᠨ ᠥᠨᠳᠥᠷ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠵᠡᠷᠭᠡ ᠳᠡᠰ ᠤᠨ ᠰᠢᠯᠭᠠᠯᠲᠠ ᠶᠢᠨ ᠴᠠᠭ ᠪᠣᠯᠤᠨ᠎ᠠ︔ 2020 ᠣᠨ ᠤ ᠪᠡᠭᠡᠵᠢᠩ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠠᠭ ᠨᠢ 2020 ᠣᠨ ᠤ 7 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠬᠴᠢᠳ 4 ᠰᠠᠷ᠎ᠠ ᠶᠢᠨ 27 ᠤ ᠡᠳᠦᠷ ᠠᠴᠠ ᠰᠤᠷᠭᠠᠭᠤᠯᠢ ᠳᠠᠭᠠᠨ ᠪᠤᠴᠠᠵᠤ ᠰᠤᠷᠤᠯᠴᠠᠨ᠎ᠠ︔ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠬᠴᠢᠳ 5 ᠰᠠᠷ᠎ᠠ ᠶᠢᠨ 11 ᠤ ᠡᠳᠦᠷ ᠰᠤᠷᠭᠠᠭᠤᠯᠢ ᠳᠠᠭᠠᠨ ᠪᠤᠴᠠᠵᠤ ᠰᠤᠷᠤᠯᠴᠠᠬᠤ ᠪᠡᠯᠡᠳᠬᠡᠯ ᠢᠶᠠᠨ ᠰᠠᠶᠢᠲᠤᠷ ᠬᠢᠨ᠎ᠠ᠃ ᠪᠤᠰᠤᠳ ᠡᠯ᠎ᠡ ᠣᠨ ᠤ ᠰᠤᠷᠤᠬᠴᠢᠳ ᠤᠨ ᠰᠤᠷᠭᠠᠭᠤᠯᠢ ᠳᠠᠭᠠᠨ ᠪᠤᠴᠠᠬᠤ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠪᠠ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠴᠠᠭ ᠢ ᠠᠰ ᠳᠤᠨᠢ ᠲᠤᠬᠳᠠᠭᠠᠨ᠎ᠠ᠂ ᠪᠣᠳᠠᠲᠠᠶ ᠴᠠᠭ ᠢ ᠲᠣᠭᠲᠠᠭᠠᠭᠰᠠᠨ ᠤ ᠳᠠᠷᠠᠭ᠎ᠠ ᠲᠡᠷᠡ ᠳᠠᠷᠤᠶ ᠳᠤᠨᠢ ᠠᠯᠪᠠᠨ  ᠲᠠᠯ᠎ᠠ ᠠᠴᠠ ᠨᠡᠶᠢᠲᠡᠯᠡᠬᠦ ᠶᠢᠨ ᠬᠠᠮᠲᠤ ᠪᠠᠭᠰᠢ ᠰᠤᠷᠤᠭᠴᠢᠳ ᠬᠡᠷ ᠤᠨ ᠠᠬᠠᠮᠠᠳ ᠲᠤ ᠮᠡᠳᠡᠭᠳᠡᠨ᠎ᠡ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号