ᠬᠤᠯᠪᠣᠭᠳᠠᠯ ᠪᠥᠬᠦᠶ ᠳᠡᠭᠡᠳᠦ ᠰᠤᠷᠭᠠᠭᠤᠯᠢ᠂ ᠥᠷᠭᠡᠨ ᠣᠯᠠᠨ ᠰᠢᠯᠭᠠᠭᠤᠯᠤᠭᠴᠢ ᠵᠢᠴᠢ ᠬᠡᠷ ᠤᠨ | ᠠᠬᠠᠮᠠᠳ ᠲᠤ᠄ | ᠬᠢᠵᠢᠭ ᠤᠨ ᠪᠠᠶᠢᠳᠠᠯ ᠢ ᠦᠨᠳᠦᠰᠦᠯᠡᠨ᠂ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ | ᠰᠣᠷᠣᠭᠴᠢ ᠶᠢᠨ ᠵᠤᠷᠭᠠᠨ ᠲᠠᠢ ᠵᠦᠪᠳᠡᠯᠴᠡᠵᠤ᠂ 2020 ᠣᠨ ᠤ ᠡᠩ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠬᠢᠭᠡᠳ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠰᠣᠷᠣᠭᠴᠢ ᠡᠯᠰᠡᠬᠦ ᠪᠠ ᠶᠡᠭᠡ ᠳᠡᠭᠡᠳᠦ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ | ᠠᠩᠭᠢ ᠶᠢᠨ ᠨᠢᠭᠡᠳᠦᠯᠲᠡᠶ ᠰᠢᠯᠭᠠᠯᠲᠠ ᠶᠢᠨ ᠬᠤᠯᠪᠣᠭᠳᠠᠯ ᠪᠥᠬᠦᠶ ᠶᠠᠪᠤᠳᠠᠯ ᠢ ᠦᠷᠭᠦᠯᠵᠢᠯᠡᠨ ᠬᠤᠶᠢᠰᠢᠯᠠᠭᠤᠯᠤᠨ᠎ᠠ᠄ | ᠨᠢᠭᠡ᠂ 2020 ᠣᠨ ᠤ 2 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 15 ᠤ ᠡᠳᠦᠷ ᠪᠣᠯᠲᠠᠯ᠎ᠠ | ᠶᠠᠪᠤᠭᠳᠠᠭᠤᠯᠬᠤ ᠪᠠᠷ ᠲᠣᠭᠲᠠᠭᠰᠠᠨ ᠡᠪᠦᠯ ᠤᠨ ᠤᠯᠠᠷᠢᠯ ᠤᠨ ᠲᠥᠷᠥᠯ ᠵᠦᠢᠯ ᠤᠨ ᠰᠢᠯᠭᠠᠯᠲᠠ ᠶᠢ ᠦᠷᠭᠦᠯᠵᠢᠯᠡᠨ | ᠬᠤᠶᠢᠰᠢᠯᠠᠭᠤᠯᠤᠨ᠎ᠠ︔ 2020 ᠣᠨ ᠤ 3 ᠰᠠᠷ᠎ᠠ ᠶᠢᠨ 28 ᠤ ᠡᠳᠦᠷ ᠠᠴᠠ 5 ᠰᠠᠷ᠎ᠠ ᠶᠢᠨ 10 ᠤ ᠡᠳᠦᠷ | ᠪᠣᠯᠲᠠᠯ᠎ᠠ ᠶᠠᠪᠤᠭᠳᠠᠭᠤᠯᠬᠤ ᠪᠠᠷ ᠲᠣᠭᠲᠠᠭᠰᠠᠨ ᠪᠤᠰᠤᠳ ᠲᠦᠷᠦᠯ ᠤᠨ ᠰᠢᠯᠭᠠᠯᠲᠠ ᠶᠢ ᠦᠷᠭᠦᠯᠵᠢᠯᠡᠨ | ᠬᠤᠶᠢᠰᠢᠯᠠᠭᠤᠯᠤᠨ᠎ᠠ︔ 2020 ᠣᠨ ᠤ 4 ᠰᠠᠷ᠎ᠠ ᠶᠢᠨ 18 ᠤ ᠡᠳᠦᠷ ᠠᠴᠠ 4 ᠰᠠᠷ᠎ᠠ ᠶᠢᠨ 19 ᠤ ᠡᠳᠦᠷ | ᠪᠣᠯᠲᠠᠯ᠎ᠠ ᠶᠠᠪᠤᠭᠳᠠᠭᠤᠯᠬᠤ ᠪᠠᠷ ᠲᠣᠭᠲᠠᠭᠰᠠᠨ ᠰᠣᠶᠣᠯ ᠤᠨ ᠬᠢᠴᠢᠶᠠᠯ ᠲᠦᠷᠤᠯ ᠤᠨ ᠰᠢᠯᠭᠠᠯᠲᠠ ᠶᠢ ᠦᠷᠭᠦᠯᠵᠢᠯᠡᠨ | ᠬᠤᠶᠢᠰᠢᠯᠠᠭᠤᠯᠤᠨ᠎ᠠ᠃ | ᠬᠤᠶᠠᠷ᠂ ᠰᠢᠯᠭᠠᠯᠳᠠ ᠶᠢᠨ ᠰᠢᠰᠲ᠋ᠧᠮ ᠤᠨ ᠰᠢᠯᠭᠠᠭᠤᠯᠬᠤ ᠦᠨᠡᠮᠯᠡᠯ ᠢ ᠳᠠᠷᠤᠮᠠᠯᠯᠠᠬᠤ ᠵᠡᠷᠭᠡ ᠠᠵᠢᠯᠯᠠᠭ᠎ᠠ ᠶᠢ | ᠵᠡᠷᠭᠡᠪᠡᠷ ᠬᠤᠶᠢᠰᠢᠯᠠᠭᠤᠯᠵᠤ᠂ ᠰᠢᠯᠭᠠᠬᠤ ᠴᠠᠭ ᠢ ᠲᠣᠭᠲᠠᠭᠠᠭᠰᠠᠨ ᠤ ᠳᠠᠷᠠᠭ᠎ᠠ ᠲᠠᠬᠢᠨ ᠮᠡᠳᠡᠭᠳᠠᠨᠠ᠃ | ᠳᠡᠭᠡᠷ᠎ᠡ ᠳᠤᠷᠠᠳᠤᠭᠰᠠᠨ ᠰᠢᠯᠭᠠᠯᠲᠠ ᠶᠢ ᠨᠦᠭᠦᠴᠡᠯ ᠪᠤᠯᠤᠯᠴᠠᠭ᠎ᠠ ᠵᠥᠪᠰᠢᠶᠡᠷᠡᠭᠰᠡᠨ ᠪᠠᠶᠢᠳᠠᠯ ᠳᠣᠣᠷ᠎ᠠ | ᠵᠣᠬᠢᠶᠠᠨ ᠪᠠᠶᠢᠭᠤᠯᠤᠨ᠎ᠠ᠃ ᠰᠢᠯᠭᠠᠯᠲᠠ ᠶᠢᠨ ᠴᠠᠭ ᠢ ᠲᠣᠭᠲᠠᠭᠠᠭᠰᠠᠨ ᠤ ᠳᠠᠷᠠᠭ᠎ᠠ᠂ ᠵᠤᠷᠭᠠᠨ ᠠᠴᠠ ᠲᠠᠷᠤᠢ ᠲᠦᠷᠭᠡᠨ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠠᠯᠪᠠᠨ ᠤ ᠰᠦᠯᠵᠢᠶ᠎ᠡ᠂ ᠳᠤᠮᠳᠠᠳᠤ ᠤᠯᠤᠰ ᠤᠨ ᠪᠡᠶ᠎ᠡ ᠶᠢᠨ | ᠲᠠᠮᠢᠷ ᠤᠨ ᠰᠣᠶᠣᠯ ᠰᠤᠷᠭᠠᠨ ᠬᠥᠮᠦᠵᠢᠯ ᠤᠨ ᠰᠦᠯᠵᠢᠶ᠎ᠡ ᠪᠠ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ | ᠬᠤᠯᠪᠣᠭ᠎ᠠ ᠶᠢᠨ app ᠵᠢᠴᠢ ᠬᠤᠯᠪᠣᠭᠳᠠᠯ ᠪᠥᠬᠦᠶ ᠵᠢᠷᠬᠢᠶ᠎ᠠ ᠶᠢᠨ ᠨᠡᠶᠢᠳᠡ ᠶᠢᠨ ᠲᠠᠪᠴᠠᠩ ᠳᠤ ᠮᠡᠳᠡᠭᠳᠡᠯ | ᠨᠡᠶᠢᠲᠡᠯᠡᠨ᠎ᠡ᠃ | ᠥᠷᠭᠡᠨ ᠣᠯᠠᠨ ᠰᠢᠯᠭᠠᠭᠤᠯᠤᠭᠴᠢ ᠠᠩᠬᠠᠷᠴᠤ᠂ ᠬᠠᠷᠢᠯᠴᠠᠨ ᠮᠡᠳᠡᠭᠳᠡᠵᠦ᠂ ᠡᠯ᠎ᠡ ᠰᠢᠯᠭᠠᠯᠲᠠ ᠶᠢᠨ ᠴᠡᠭ | ᠪᠣᠯᠤᠨ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠵᠤᠷᠭᠠᠨ | 2020 ᠣᠨ ᠤ 4 ᠰᠠᠷ᠎ᠠ ᠶᠢᠨ 13 ᠤ ᠡᠳᠦᠷ | |