ᠬᠤᠶᠠᠷ ᠰᠠᠯᠠᠭ᠎ᠠ ᠮᠥᠴᠢᠷ᠄ ᠶᠡᠭᠡ ᠳᠡᠭᠡᠳᠦ ᠰᠤᠷᠭᠠᠭᠤᠯᠢ ᠶᠢᠨ ᠤᠶᠤᠳᠠᠳ ᠬᠢᠵᠢᠭ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠤ ᠰᠤᠷᠭᠠᠭᠤᠯᠢ ᠠᠴᠠ ᠭᠠᠷᠴᠤ ᠪᠣᠯᠬᠤ ᠥᠬᠡᠶ ᠬᠡᠷ ᠤᠨ ᠠᠬᠠᠮᠠᠳ ᠰᠤᠷᠭᠠᠭᠤᠯᠢ ᠳᠤ ᠤᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ
ᠨᠡᠶᠢᠲᠡᠯᠡᠭᠰᠡᠨ ᠴᠠᠭ᠄
2020-04-28
        ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠬᠠᠮᠳᠣᠷᠠᠨ ︽ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠮᠡᠷᠭᠡᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠂ ᠰᠤᠷᠤᠭᠴᠢᠳ ᠰᠤᠷᠭᠠᠭᠤᠯᠢ ᠳᠤ ᠣᠷᠣᠬᠤ ᠠᠴᠠ ᠡᠮᠦᠨ᠎ᠡ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠬᠢᠷᠢ ᠲᠡᠩᠴᠡᠪᠡᠯ ᠰᠠᠶ᠋ᠢ ᠰᠣᠷᠭᠠᠭᠤᠯᠢ ᠳᠤ ᠣᠷᠣᠵᠤ ᠪᠣᠯᠤᠨ᠎ᠠ︔ ᠣᠨᠴᠠᠭᠠᠢ ᠪᠠᠶᠢᠳᠠᠯ ᠦᠭᠡᠢ ᠪᠣᠯ ᠭᠡᠷ ᠤᠨ ᠠᠬᠠᠮᠠᠳ ᠰᠤᠷᠭᠠᠭᠤᠯᠢ ᠶᠢᠨ ᠬᠦᠷᠢᠶᠡᠨ ᠳᠤ ᠣᠷᠣᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ ᠰᠤᠷᠤᠭᠴᠢᠳ ᠬᠢᠵᠢᠭ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠤ ᠰᠤᠷᠭᠠᠭᠤᠯᠢ ᠠᠴᠠ ᠭᠠᠷᠴᠤ ᠪᠣᠯᠬᠤ ᠥᠬᠡᠶ᠂ ᠬᠥᠮᠦᠰ ᠪᠦᠭᠡᠮᠨᠡᠷᠡᠬᠦ ᠭᠠᠵᠠᠷ᠂ ᠢᠯᠠᠩᠭᠤᠶ᠎ᠠ ᠠᠭᠠᠷ ᠨᠡᠪᠲᠡᠷᠡᠬᠦ ᠪᠠᠷ ᠠᠨᠠᠶ ᠭᠠᠵᠠᠷ ᠤᠴᠢᠬᠤ ᠠᠴᠠ ᠵᠠᠶᠢᠯᠠᠰᠬᠢᠬᠦ ᠬᠡᠷᠡᠭᠲᠡᠶ᠃ ᠬᠡᠷᠪᠡ ᠵᠠᠪᠠᠯ ᠰᠤᠷᠭᠠᠭᠤᠯᠢ ᠠᠴᠠ ᠭᠠᠷᠬᠤ ᠴᠢᠬᠤᠯᠠᠲᠠᠢ ᠪᠤᠯ ᠡᠷᠬᠡᠪᠰᠢ ᠴᠢᠯᠥᠭᠡ ᠭᠤᠶᠤᠬᠤ ᠵᠢᠷᠤᠮ ᠢ ᠴᠢᠩᠭ᠎ᠠ ᠬᠡᠷᠡᠭᠵᠢᠬᠦᠯᠵᠦ᠂ ᠭᠠᠳᠠᠭᠰᠢ ᠭᠠᠷᠬᠤ ᠵᠠᠮ ᠱᠤᠭᠤᠮ ᠪᠠ ᠭᠠᠳᠠᠭᠰᠢ ᠭᠠᠷᠬᠤ ᠠᠷᠭ᠎ᠠ ᠮᠠᠶ᠋ᠢᠭ ᠢ ᠲᠥᠯᠥᠪᠵᠢᠭᠦᠯᠬᠦ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号