ᠰᠢᠭᠤᠶᠢᠲᠤ ᠲᠣᠭᠤᠷᠢᠭ ᠤᠨ ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠮᠡᠳᠡᠭᠡ ᠵᠠᠩᠭᠢ ᠶᠢᠨ ᠬᠡᠮᠵᠢᠶ᠎ᠡ ᠶᠡᠭᠡ
ᠨᠡᠶᠢᠲᠡᠯᠡᠭᠰᠡᠨ ᠴᠠᠭ᠄
2020-04-29
        4 ᠰᠠᠷ᠎ᠠ ᠶᠢᠨ 15 ᠤ ᠡᠳᠦᠷ᠂ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠭᠤᠤᠯᠳᠠᠯᠭ᠎ᠠ ᠲᠠᠢ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠰᠢᠭᠤᠶᠢᠲᠤ ᠲᠣᠭᠤᠷᠢᠭ ᠤᠨ ᠰᠣᠨᠢᠨ ᠮᠡᠳᠡᠭᠡ ᠨᠡᠶᠢᠲᠡᠯᠡᠬᠦ ᠲᠥᠪ ᠲᠤ ᠶᠠᠪᠤᠭᠳᠠᠪᠠ᠃         ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶᠠᠨ ᠤ ᠱᠦᠵᠢ᠂ ᠰᠣᠨᠢᠨ ᠮᠡᠳᠡᠭᠡᠨ ᠤ ᠥᠭᠦᠯᠡᠭᠴᠢ ᠪᠠᠶᠠᠨᠪᠠᠭᠠᠲᠤᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠪᠠᠶᠢᠳᠠᠯ᠂  ᠢᠯᠠᠩᠭᠤᠶ᠎ᠠ 2020 ᠣᠨ ᠤ ᠠᠵᠢᠯ ᠤᠨ ᠭᠤᠣᠯᠳᠠᠯᠭ᠎ᠠ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠶᠢᠨ ᠬᠠᠮᠲᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤᠯᠲᠠ ᠥᠭᠴᠡᠢ᠃         ᠪᠤᠭᠤᠲᠤ ᠶᠢᠨ ᠡᠳᠦᠷ ᠤᠨ ᠰᠣᠨᠢᠨ ᠮᠡᠳᠡᠭᠡ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ᠂ ᠰᠢᠭᠤᠶᠢᠲᠤ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ ᠂ ᠶᠦᠨ ᠱᠠᠩ ᠰᠢᠭᠤᠶᠢᠲᠣ᠂ ᠰᠢᠭᠤᠶᠢᠲᠣ ᠰᠣᠨᠢᠨ ᠮᠡᠳᠡᠭᠡ ᠵᠡᠷᠭᠡ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃         ᠤᠢᠢᠷ᠎ᠠ ᠶᠢᠨ ᠵᠢᠯ ᠳᠤ᠂ ᠵᠢᠪᠬᠤᠯᠠᠩᠲᠤ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号