ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 20 ᠤ ᠡᠳᠦᠷ ᠤᠨ ᠮᠡᠳᠡᠭᠡ ᠰᠤᠷᠭᠠᠨ | ᠬᠥᠮᠦᠵᠢᠯ ᠤᠨ ᠶᠠᠮᠤᠨ ᠤ ᠠᠯᠪᠠᠨ ᠲᠢᠩᠬᠢᠮ ᠣᠶᠢᠷ᠎ᠠ ᠳᠤ 2020 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠵᠢᠭᠠᠨ ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ ᠤᠨ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠳᠤ ᠶᠠᠮᠠᠷᠪᠠ ᠬᠤᠳᠠᠯᠳᠤᠭᠠᠨ ᠤ ᠵᠠᠷ ᠮᠡᠳᠡᠭᠡ ᠪᠤᠶᠤ ᠵᠢᠭᠠᠨ ᠰᠤᠷᠭᠠᠯᠲᠠ ᠶᠢᠨ | ᠬᠠᠪᠰᠤᠷᠤᠮᠵᠢ ᠮᠠᠲ᠋ᠧᠷᠢᠶᠠᠯ ᠳᠤ ᠵᠠᠯᠭᠠᠬᠤ ᠰᠦᠯᠵᠢᠶᠡᠨ ᠬᠠᠶ᠋ᠢᠭ᠂ ᠬᠤᠶᠠᠷ ᠬᠡᠮᠵᠢᠯᠳᠦ ᠺᠣᠳ᠋ ᠵᠡᠷᠭᠡ ᠮᠡᠳᠡᠭᠡ ᠵᠠᠩᠭᠢ ᠶᠢ | ᠬᠠᠪᠴᠢᠭᠤᠯᠵᠤ ᠪᠣᠯᠬᠤ ᠥᠬᠡᠶ ᠭᠡᠵᠦ ᠲᠣᠳᠣᠷᠬᠠᠶ ᠱᠠᠭᠠᠷᠳᠠᠪᠠ᠃ | ᠮᠡᠳᠡᠭᠳᠡᠯ ᠢ ᠦᠨᠳᠦᠰᠦᠯᠡᠪᠡᠯ᠂ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠬᠢᠴᠢᠶᠡᠯ ᠳᠤ ᠡᠷᠬᠡᠪᠰᠢ | ᠭᠠᠷᠴᠠᠭ ᠤᠨ ᠳᠣᠲᠣᠷᠠᠬᠢ ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠬᠠᠷᠢᠴᠠᠩᠭᠤᠶ ᠲᠤᠬᠳᠠᠪᠤᠷᠢᠳᠠᠢ ᠪᠠᠶᠢᠬᠤ ᠶᠢ ᠪᠠᠲᠤᠯᠠᠬᠤ ᠬᠡᠷᠡᠭᠲᠡᠶ᠂ ᠬᠡᠷᠪᠡ | ᠵᠢᠭᠠᠬᠤ ᠮᠠᠲ᠋ᠧᠷᠢᠶᠠᠯ ᠤᠨ ᠬᠡᠪᠯᠡᠯ ᠢ ᠦᠨᠡᠨᠬᠦ ᠰᠣᠯᠢᠬᠤ ᠴᠢᠬᠤᠯᠠᠲᠠᠶ ᠪᠣᠯ᠂ ᠳᠤᠮᠳᠠᠳᠤ ᠪᠠᠭ᠎ᠠ ᠰᠤᠷᠭᠠᠭᠤᠯᠢ ᠶᠢᠨ | ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠢᠬᠦ ᠬᠡᠷᠡᠭᠲᠡᠶ᠃ | ᠡᠯ᠎ᠡ ᠭᠠᠵᠠᠷ ᠤᠨ ᠬᠢᠨ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠪᠣᠯᠤᠨ ᠰᠤᠷᠤᠭᠴᠢᠳ ᠤᠨ ᠬᠡᠷᠡᠭᠴᠡᠭᠡ ᠶᠢ | ᠦᠨᠳᠦᠰᠦᠯᠡᠨ ᠲᠣᠭᠠᠴᠢᠯᠠᠭᠰᠠᠨ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠤᠳᠠᠯᠳᠤᠨ ᠠᠪᠴᠤ ᠪᠣᠯᠤᠨ᠎ᠠ᠃ | ᠵᠢᠭᠠᠬᠤ ᠮᠠᠲ᠋ᠧᠷᠢᠶᠠᠯ ᠬᠡᠪᠯᠡᠭᠦᠯᠬᠦ ᠨᠢᠭᠡᠴᠡ ᠶᠢᠨ ᠢᠨᠲ᠋ᠧᠷ ᠰᠦᠯᠵᠢᠶ᠎ᠡ ᠪᠠᠷ ᠪᠠᠭᠤᠯᠭᠠᠬᠤ ᠠᠷᠭ᠎ᠠ ᠬᠡᠯᠪᠡᠷᠢ ᠪᠠᠷ ᠵᠢᠭᠠᠬᠤ | ᠮᠠᠲ᠋ᠧᠷᠢᠶᠠᠯ ᠯᠤᠭ᠎ᠠ ᠢᠵᠢ ᠪᠦᠷᠢᠳᠦᠭᠰᠡᠨ ᠲᠣᠭᠠᠴᠢᠯᠠᠭᠰᠠᠨ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ | ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠶᠢ ᠵᠣᠷᠢᠭᠵᠢᠭᠤᠯᠤᠨ᠎ᠠ᠃ |