ᠠᠷᠠᠳ ᠤᠨ ᠡᠳᠦᠷ ᠤᠨ ᠰᠣᠨᠢᠨ ᠤ 4 ᠰᠠᠷ᠎ᠠ ᠶᠢᠨ 22 ᠤᠨ ᠡᠳᠦᠷ ᠤᠨ ᠮᠡᠳᠡᠭᠡ ︵ᠰᠤᠷᠪᠤᠯᠵᠢᠯᠠᠭᠴᠢ | ᠯᠢᠦ ᡁᠢ ᠰᠢᠶᠠᠨ︶ 4 ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2020 ᠣᠨ ᠤ ᠮᠠᠨ ᠤ | ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ | ᠬᠠᠮᠢᠶ᠎ᠠ ᠪᠥᠬᠦᠶ ᠠᠵᠢᠯ ᠤᠨ ᠴᠠᠭ ᠢ ᠳᠣᠭᠢᠷᠠᠭᠤᠯᠤᠨ ᠲᠣᠭᠲᠠᠭᠠᠵᠠᠢ᠃ | 5 ᠰᠠᠷ᠎ᠠ ᠶᠢᠨ 30 ᠤ ᠡᠳᠦᠷ ᠠᠴᠠ ᠡᠬᠢᠯᠡᠨ᠂ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠶ᠎ᠡ ᠶᠢᠨ ᠪᠠᠶᠢᠴᠠᠭᠠᠯᠲᠠ ᠶᠢ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠵᠢᠯᠣᠭᠤᠳᠬᠤ ᠭᠠᠵᠠᠷ ᠠᠴᠠ | ᠦᠨᠡᠯᠡᠨ ᠵᠢᠱᠢᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠥᠷᠨᠢᠭᠦᠯᠵᠦ ᠪᠣᠯᠤᠨ᠎ᠠ᠂ ᠵᠠᠷᠴᠢᠮ ᠳᠡᠭᠡᠷ᠎ᠡ ᠪᠠᠨ 6 | ᠰᠠᠷ᠎ᠠ ᠶᠢᠨ 30 ᠤ ᠡᠳᠦᠷ ᠠᠴᠠ ᠡᠮᠦᠨ᠎ᠡ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠦᠬᠦᠨ ᠢ ᠬᠢᠵᠦ ᠳᠠᠭᠤᠰᠬᠠᠨ᠎ᠠ᠃ | ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠲᠠᠮᠢᠷ ᠤᠨ ᠲᠥᠷᠥᠯ ᠤᠨ | ᠲᠤᠰᠬᠠᠶ ᠮᠡᠷᠭᠡᠵᠢᠯ ᠤᠨ ᠰᠢᠯᠭᠠᠯᠲᠠ ᠶᠢᠨ ᠴᠠᠭ ᠨᠢ 6 ᠰᠠᠷ᠎ᠠ ᠶᠢᠨ 1 ᠤ ᠡᠳᠦᠷ ᠠᠴᠠ 14 ᠤ ᠡᠳᠦᠷ ᠪᠣᠯᠤᠨ᠎ᠠ᠃ | ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ | ᠰᠢᠯᠭᠠᠯᠲᠠ ᠶᠢ 7 ᠰᠠᠷ᠎ᠠ ᠶᠢᠨ 9 ᠤ ᠡᠳᠦᠷ ᠤᠨ 8᠄ 00 ᠴᠠᠭ ᠠᠴᠠ ᠡᠬᠢᠯᠡᠭᠦᠯᠵᠦ᠂ 7 ᠰᠠᠷ᠎ᠠ ᠶᠢᠨ 14 ᠤ | ᠡᠳᠦᠷ ᠤᠨ 18᠄ 00 ᠠᠴᠠ ᠡᠮᠦᠨ᠎ᠠ ᠲᠠᠭᠤᠰᠬᠠᠨ᠎ᠠ᠃ | ᠮᠠᠨ ᠤ ᠣᠷᠣᠨ ᠤ ᠥᠨᠳᠥᠷ ᠬᠢᠷᠢ ᠲᠦᠪᠰᠢᠨ ᠪᠥᠬᠦᠶ ᠲᠠᠮᠢᠷ ᠤᠨ ᠠᠩᠭᠢ ᠶᠢᠨ ᠰᠣᠷᠣᠭᠴᠢ ᠡᠯᠰᠡᠬᠦ ᠶᠡᠭᠡ | ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠰᠢᠯᠭᠠᠯᠲᠠ 5 ᠰᠠᠷ᠎ᠠ ᠶᠢᠨ 25 ᠤ ᠡᠳᠦᠷ ᠠᠴᠠ 31 ᠤ | ᠡᠳᠦᠷ ᠪᠣᠯᠲᠠᠯ᠎ᠠ ᠶᠠᠪᠤᠭᠳᠠᠨ᠎ᠠ᠃ | ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠶ | ᠮᠡᠷᠭᠡᠵᠢᠯ ᠤᠨ ᠠᠬᠤᠢ ᠲᠠᠯᠠᠪᠠᠶ ᠶᠢᠨ ᠰᠤᠷᠭᠠᠭᠤᠯᠢ ᠶᠢᠨ ᠰᠢᠯᠭᠠᠯᠲᠠ ᠶᠢ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠳᠠᠷᠠᠭᠠᠬᠢ ᠬᠤᠶᠠᠷ ᠭᠠᠷᠠᠭ ᠤᠨ ᠳᠣᠲᠣᠷ᠎ᠠ | ᠶᠠᠪᠤᠭᠳᠠᠭᠤᠯᠬᠤ ᠪᠠᠷ ᠲᠣᠬᠢᠷᠠᠭᠤᠯᠪᠠ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠢᠶᠠᠷ ᠢᠶᠠᠨ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠡᠯᠰᠡᠬᠦ ᠲᠤᠰᠠᠭᠠᠷ ᠰᠢᠯᠭᠠᠬᠤ ᠪᠡᠶ᠎ᠡ ᠶᠢᠨ ᠲᠠᠮᠢᠷ ᠤᠨ | ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶᠢᠯᠡᠭᠰᠡᠨ ᠰᠢᠯᠭᠠᠯᠲᠠ ᠶᠢᠨ ᠴᠠᠭ ᠨᠢ 7 ᠰᠠᠷ᠎ᠠ ᠶᠢᠨ | 18 ᠤ ᠡᠳᠦᠷ ᠪᠣᠯᠤᠨ᠎ᠠ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠠᠭᠠᠷ ᠰᠣᠷᠣᠭᠴᠢ ᠡᠯᠰᠡᠬᠦ | ᠬᠤᠶᠠᠳᠤᠭᠠᠷ ᠤᠳᠠᠭᠠᠨ ᠤ ᠰᠤᠷᠤᠬᠴᠢ ᠡᠯᠰᠡᠭᠦ ᠠᠵᠢᠯ ᠨᠢ 5 ᠰᠠᠷ᠎ᠠ ᠶᠢᠨ 20 ᠤ ᠡᠳᠦᠷ ᠠᠴᠠ 31 ᠤ ᠡᠳᠦᠷ | ᠪᠣᠯᠲᠠᠯ᠎ᠠ ᠶᠠᠪᠤᠬᠳᠠᠨ᠎ᠠ᠃ | |