ᠰᠢᠭᠤᠶᠢᠲᠤ ᠵᠡᠭᠡᠯᠢ ᠭᠤᠳᠤᠮᠵᠢ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠦᠪᠯᠡᠷᠡᠭᠦᠯᠦᠨ ᠲᠣᠬᠢᠷᠠᠭᠤᠯᠬᠤ ᠬᠤᠷᠠᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2020-04-09
        3 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠣ ᠵᠡᠭᠡᠯᠢ ᠭᠤᠳᠤᠮᠵᠢ ᠭᠤᠷᠪᠠᠳᠤᠭᠠᠷ ᠳᠠᠪᠬᠤᠷ ᠤᠨ ᠬᠤᠷᠠᠯ ᠤᠨ ᠬᠡᠷ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ ᠪᠥᠬᠦ ᠬᠤᠲᠠ ᠶᠢᠨ ᠬᠤᠲᠠ ᠶᠢᠨ ᠦᠨᠳᠦᠰᠦᠨ ᠱᠠᠲᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠥᠪᠯᠡᠷᠡᠩᠭᠦᠶ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠡᠶᠢᠭᠡᠮ ᠲᠣᠭᠤᠷᠢᠭ ᠤᠨ ᠨᠢᠭᠡᠳᠦᠭᠡᠷ ᠱᠦᠵᠢ ᠵᠢᠴᠢ ᠬᠠᠮᠢᠶ᠎ᠠ ᠪᠥᠬᠦᠶ ᠠᠵᠢᠯᠲᠠᠨ ᠬᠤᠷᠠᠯ ᠳᠤ ᠣᠷᠣᠯᠴᠠᠪᠠ᠃         ᠬᠤᠷᠠᠯ ᠠᠴᠠ ᠬᠤᠯᠪᠣᠭᠳᠠᠯ ᠪᠥᠬᠦᠶ ᠭᠠᠵᠠᠷ ᠣᠷᠣᠨ᠂ ᠵᠡᠭᠡᠯᠢ ᠪᠠᠯᠭᠠᠰᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ 2019 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠣᠯᠤᠭᠰᠠᠨ ᠦᠷ᠎ᠡ ᠪᠦᠲᠦᠮᠵᠢ ᠪᠠ 2020 ᠣᠨ ᠤ ᠠᠵᠢᠯ ᠤᠨ ᠰᠡᠳᠬᠢᠮᠵᠢ ᠶᠢ ᠰᠣᠨᠣᠰᠴᠤ᠂ ᠵᠡᠭᠡᠯᠢ ᠭᠤᠳᠤᠮᠵᠢ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠰᠢᠨ᠎ᠡ ᠰᠡᠳᠬᠢᠮᠵᠢ ᠬᠠᠩᠭᠠᠪᠠ᠃
        ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠰᠢᠨ᠎ᠡ ᠴᠠᠭ ᠦᠶ᠎ᠡ ᠳᠤ ᠲᠤᠯᠭᠠᠷᠠᠵᠤ ᠪᠠᠶᠢᠭ᠎ᠠ ᠰᠢᠨ᠎ᠡ ᠡᠭᠦᠷᠭᠡ ᠶᠢ ᠲᠣᠳᠣᠷᠬᠠᠶ ᠲᠠᠨᠢᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠳᠠᠪᠣᠷᠢ ᠶᠢ ᠴᠢᠩᠭᠠᠷᠠᠭᠤᠯᠵᠤ᠂ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠪᠠᠲᠤ ᠴᠢᠩᠭ᠎ᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠣᠯᠲᠠ ᠶᠢᠨ ︽ᠵᠣᠬᠢᠶᠠᠨ ᠪᠠᠶᠢᠭᠤᠯᠵᠤ ᠬᠠᠮᠲᠤ ᠪᠠᠷ ᠪᠠᠶᠢᠭᠤᠯᠬᠤ᠂ ᠠᠵᠢᠯᠯᠠᠭ᠎ᠠ ᠬᠢᠵᠦ ᠬᠠᠮᠲᠤ ᠪᠠᠷ ᠬᠤᠯᠪᠣᠭᠠᠯᠠᠬᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ︾ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠤᠳᠠᠭᠠᠨ ᠤ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠤᠯᠠᠮ ᠨᠢᠭᠡ ᠠᠯᠬᠤᠮ ᠴᠤᠭ ᠰᠦᠯᠳᠡ ᠪᠠᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠲᠠᠬᠢᠨ ᠰᠢᠨ᠎ᠡ ᠳᠡᠭᠲᠡᠷ ᠲᠤ ᠭᠠᠷᠴᠤ᠂ ᠨᠠᠮ ᠤᠨ ᠪᠠᠶᠢᠭᠤᠯᠣᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号