ᠪᠤᠭᠤᠲᠤ ᠬᠤᠳᠠ ᠶᠢᠨ ᠪᠠᠳᠺᠠᠷ ᠵᠣᠣ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ 2020 ᠣᠨ ᠤ ᠬᠤᠶᠠᠳᠣᠭᠠᠷ ᠤᠳᠠᠭ᠎ᠠ ᠶᠢᠨ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-09
        ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ 2020 ᠣᠨ ᠤ ᠨᠠᠮ ᠤᠨ ᠡᠭᠦᠷ ᠤᠨ ᠰᠤᠷᠤᠯᠴᠠᠬᠤ ᠲᠦᠯᠦᠪᠯᠡᠭᠡ ᠶᠣᠰᠣᠭᠠᠷ᠂ 4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠪᠠᠳᠺᠠᠷ ᠵᠣᠣ ᠶᠢᠨ ᠦᠵᠡᠮᠵᠢ ᠶᠢᠨ ᠣᠷᠣᠨ ᠤ ᠬᠤᠶᠠᠳᠤᠭᠠᠷ ᠳᠠᠪᠬᠤᠷᠯᠢᠭ ᠤᠨ 202 ᠬᠤᠷᠠᠯ ᠤᠨ ᠬᠡᠷ᠂ ᠪᠤᠭᠤᠲᠤ ᠬᠤᠲᠠ ᠶᠢᠨ ᠪᠠᠳᠺᠠᠷ ᠵᠣᠣ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠡᠭᠦᠷ ᠤᠨ ᠱᠦᠵᠢ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠮᠠ ᠭᠦᠸᠧ ᠯᠢᠩ ᠨᠥᠬᠦᠷ 2020 ᠣᠨ ᠤ ᠬᠤᠶᠠᠳᠤᠭᠠᠷ ᠤᠳᠠᠭᠠᠨ ᠤ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶᠠᠷᠤᠯᠲᠠ ᠶᠢᠨ ᠵᠥᠪᠯᠡᠯ ᠵᠢᠴᠢ ᠵᠢᠭᠤᠯᠴᠢᠯᠠᠯ ᠤᠨ ᠺᠣᠮᠫᠠᠨᠢ ᠶᠢᠨ ᠪᠥᠬᠦ ᠨᠠᠮ ᠤᠨ ᠭᠡᠰᠢᠭᠦᠨ ᠺᠠᠳ᠋ᠷ ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃
        ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠮᠠ ᠭᠦᠸᠧ ᠯᠢᠩ ᠨᠥᠬᠦᠷ ᠪᠦᠬᠦ ᠨᠠᠮ ᠤᠨ ᠭᠡᠰᠢᠭᠦᠳ ᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠴᠢᠨ ᠶᠠᠷᠢᠶ᠎ᠠ︾ ᠶᠢᠨ ᠶᠢᠰᠦᠳᠦᠭᠡᠷ ᠶᠠᠷᠢᠶᠠᠨ ᠤ ᠨᠢᠭᠡᠳᠦᠭᠡᠷ ᠬᠡᠰᠡᠭ ︽ᠥᠭᠡᠷᠡᠴᠢᠯᠡᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ︾ ᠪᠠ ᠬᠤᠶᠠᠳᠣᠭᠠᠷ ᠬᠡᠰᠡᠭ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠥᠪ ᠴᠢᠭᠯᠡᠯ ᠢ ᠪᠠᠲᠤ ᠡᠵᠡᠮᠰᠢᠬᠦ︾ ᠠᠴᠠ ᠰᠤᠷᠤᠯᠴᠠᠬᠤ ᠶᠢᠨ ᠬᠠᠮᠲᠤ᠂ ᠪᠦᠬᠦ ᠨᠠᠮ ᠤᠨ ᠭᠡᠰᠢᠭᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠴᠤ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠶᠢ ᠦᠨᠡᠨᠬᠦ ᠬᠠᠮᠢᠶᠠᠷᠣᠯᠲᠠ ᠶᠢᠨ ᠵᠥᠪᠯᠡᠯ ᠤᠨ ᠠᠵᠢᠯ ᠤᠨ ᠪᠠᠶᠢᠷᠢ ᠳᠤ ᠪᠤᠴᠠᠵᠤ ᠠᠵᠢᠯ ᠰᠡᠷᠭᠦᠭᠡᠭᠰᠡᠨ ᠤ ᠳᠠᠷᠠᠭᠠᠬᠢ ᠨᠠᠮ ᠤᠨ ᠡᠭᠦᠷ ᠤᠨ ᠠᠵᠢᠯ ᠳᠤ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号