ᠬᠦᠴᠢᠷᠳᠡᠯ ᠲᠠᠢ ᠬᠡᠤᠬᠡᠳ ᠢ ᠪᠣᠯᠭᠤᠭᠠᠨ ᠲᠣᠬᠤᠨᠢᠭᠤᠯᠵᠤ᠂ ᠦᠨᠡᠨ ᠰᠡᠳᠬᠢᠯᠭᠡ ᠬᠥᠮᠦᠰ ᠤᠨ ᠰᠡᠳᠬᠢᠯ ᠢ ᠳᠣᠯᠠᠭᠠᠴᠠᠭᠤᠯᠣᠨ᠎ᠠ
ᠨᠡᠶᠢᠲᠡᠯᠡᠭᠰᠡᠨ ᠴᠠᠭ᠄
2020-04-09
        ᠬᠢᠵᠢᠭ ᠤᠨ ᠪᠠᠶᠢᠳᠠᠯ ᠨᠢ ᠬᠠᠶᠢᠷ᠎ᠠ ᠰᠡᠳᠬᠢᠯᠭᠡ ᠥᠬᠡᠶ ᠪᠣᠯᠪᠠᠴᠣ ᠬᠥᠮᠦᠨ ᠨᠢ ᠬᠠᠶᠢᠷ᠎ᠠ ᠰᠡᠳᠬᠢᠯᠭᠡ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠬᠢᠨ ᠤᠯᠠᠮ ᠨᠢᠭᠡ ᠠᠯᠬᠤᠮ ᠬᠠᠶᠢᠷ᠎ᠠ ᠬᠠᠯᠠᠮᠵᠢ ᠬᠦᠷᠲᠡᠭᠡᠬᠦ ᠶᠢᠨ ᠲᠥᠯᠥᠭᠡ᠂ ᠬᠦᠴᠢᠷᠳᠡᠯᠲᠡᠶ ᠰᠠᠭᠤᠭᠠᠯᠢ ᠠᠷᠠᠳ᠂ ᠬᠦᠴᠢᠷᠳᠡᠯᠲᠡᠶ  ᠬᠡᠣᠬᠡᠳ ᠢ ᠬᠠᠯᠠᠮᠵᠢᠯᠠᠨ ᠬᠠᠶᠢᠷᠠᠯᠠᠬᠤ ᠶᠢ ᠬᠦᠰᠡᠵᠦ ᠪᠠᠶᠢᠨ᠎ᠠ᠃ ᠣᠶᠢᠷ᠎ᠠ ᠳᠤ᠂ ᠰᠢᠭᠤᠶᠢᠲᠣ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯᠲᠠᠳ ᠢ ᠪᠠᠶᠠᠷᠯᠠᠨ ᠤᠭᠲᠤᠵᠤ᠂ ᠬᠠᠷᠢᠶᠠᠲᠤ ᠣᠷᠣᠨ ᠤ ᠬᠦᠴᠢᠷᠳᠡᠯᠲᠡᠶ ᠬᠡᠤᠬᠡᠳ ᠢ ᠲᠣᠬᠤᠨᠢᠭᠤᠯᠵᠤ᠂ ᠲᠡᠭᠦᠨ ᠳᠤ ᠬᠠᠯᠠᠭᠤᠨ ᠳᠤᠯᠠᠭᠠᠨ ᠲᠣᠬᠤᠨᠢᠭᠤᠯᠬᠤ ᠪᠣᠳᠠᠰ ᠬᠦᠷᠭᠡᠵᠦ᠂ ᠲᠡᠭᠦᠨ ᠢ ᠬᠠᠯᠠᠮᠵᠢᠯᠠᠵᠤ ᠪᠠᠶᠢᠬᠤ ᠪᠠᠨ ᠢᠯᠡᠳᠬᠡᠵᠡᠶ᠃
       ᠡᠨᠡ ᠤᠳᠠᠭᠠᠨ ᠤ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯᠲᠡᠶ ᠬᠡᠤᠬᠡᠳ ᠲᠤ ᠣᠶᠤᠨ ᠰᠠᠨᠠᠭᠠᠨ ᠤ ᠬᠠᠷᠠᠭᠠᠯᠵᠠᠯ ᠦᠵᠡᠭᠦᠯᠵᠦ᠂ ᠬᠡᠤᠬᠡᠳ ᠲᠤ ᠨᠡᠶᠢᠭᠡᠮ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠭᠰᠠᠨ ᠪᠠᠶᠢᠨ᠎ᠠ᠃ ᠬᠤᠶᠢᠰᠢᠳᠠ᠂ ᠨᠡᠶᠢᠭᠡᠮ ᠲᠣᠭᠤᠷᠢᠭ ᠠᠴᠠ ᠬᠦᠴᠢᠷᠳᠡᠯᠲᠡᠶ ᠬᠡᠤᠬᠡᠳ ᠢ ᠦᠷᠭᠦᠯᠵᠢᠯᠡᠨ ᠨᠢᠭᠲᠠ ᠠᠩᠬᠠᠷᠴᠤ᠂ ᠬᠠᠷᠢᠶᠠᠲᠣ ᠣᠷᠣᠨ ᠤ ᠬᠦᠴᠢᠷᠳᠡᠯᠲᠡᠶ ᠬᠡᠤᠬᠡᠳ ᠢ ᠴᠥᠮ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠤᠶᠢᠵᠢᠵᠤ ᠴᠢᠳᠠᠬᠤ ᠪᠣᠯᠭᠠᠬᠤ ᠬᠡᠷᠡᠭᠲᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号