ᠯᠢ ᠰᠢᠨ ᠴᠦᠨ ᠪᠥᠬᠦ ᠲᠣᠭᠤᠷᠢᠭ ᠤᠨ ᠣᠶ ᠰᠢᠭᠤᠶ ᠶᠢᠨ ᠭᠠᠯ ᠰᠡᠷᠭᠡᠶᠢᠯᠡᠬᠦ ᠪᠠ ᠬᠠᠩᠰᠢ ᠶᠢᠨ ᠬᠤᠭᠤᠴᠠᠭᠠᠨ ᠳᠠᠬᠢ ᠪᠣᠯᠪᠠᠰᠣᠨ ᠠᠮᠤᠷ ᠲᠦᠪᠰᠢᠨ ᠢᠶᠠᠷ ᠲᠠᠬᠢᠯᠭ᠎ᠠ ᠬᠢᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2020-04-09
        4 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠯᠢ ᠰᠢᠨ ᠴᠦᠨ ᠵᠢᠪᠬᠤᠯᠠᠩᠲᠤ ᠰᠤᠮᠤ᠂ ᠪᠠᠳᠺᠠᠷ ᠵᠣᠤ ᠪᠠᠯᠭᠠᠰᠤ᠂ ᠪᠠᠶ ᠬᠤ᠋ ᠭᠸᠦ ᠵᠡᠭᠡᠯᠢ ᠭᠤᠳᠤᠮᠵᠢ᠂ ᠳ᠋ᠠ ᠳ᠋ᠧ ᠾᠧᠩ ᠵᠡᠭᠡᠯᠢ ᠭᠤᠳᠤᠮᠵᠢ ᠵᠡᠷᠭᠡ ᠭᠠᠵᠠᠷ ᠲᠤ ᠬᠦᠷᠴᠦ ᠪᠥᠬᠦ ᠲᠣᠭᠤᠷᠢᠭ ᠤᠨ ᠣᠶ ᠰᠢᠭᠤᠶ ᠶᠢᠨ ᠭᠠᠯ ᠰᠡᠷᠭᠡᠶᠢᠯᠡᠬᠦ ᠪᠠ ᠬᠠᠩᠰᠢ ᠶᠢᠨ ᠬᠤᠭᠤᠴᠠᠭᠠᠨ ᠳᠠᠬᠢ ᠪᠣᠯᠪᠠᠰᠤᠨ ᠠᠮᠤᠷ ᠲᠦᠪᠰᠢᠨ ᠢᠶᠠᠷ ᠲᠠᠬᠢᠯᠭ᠎ᠠ ᠬᠢᠬᠦ ᠠᠵᠢᠯ ᠢ ᠰᠢᠮᠳᠠᠭᠤᠯᠤᠨ ᠪᠠᠶᠢᠴᠠᠭᠠᠪᠠ᠃ ᠯᠢ ᠰᠢᠨ ᠴᠦᠨ ᠨᠡᠷ ᠤᠷᠢᠳ ᠬᠤᠵᠢᠳ ᠪᠠᠶᠢᠴᠠᠭᠠᠬᠤ ᠥᠷᠲᠡᠭᠡ᠂ ᠠᠭᠤᠯᠠᠨ ᠣᠷᠣᠶ᠂ ᠲᠠᠷᠢᠶᠠᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠦᠵᠡᠵᠦ᠂ ᠡᠯ᠎ᠡ ᠥᠷᠲᠡᠭᠡᠨ ᠤ ᠬᠥᠮᠦᠰ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠵᠡᠷᠭᠡ ᠠᠵᠢᠯ ᠤᠨ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠤ ᠬᠠᠮᠲᠤ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠳᠣᠷ ᠬᠢᠬᠦ ᠲᠤᠬᠠᠶ ᠱᠠᠭᠠᠷᠳᠠᠯᠭ᠎ᠠ ᠳᠤᠷᠠᠳᠴᠠᠶ᠃ ᠲᠣᠭᠤᠷᠢᠭ ᠤᠨ ᠳᠡᠳ᠋ ᠳᠠᠷᠤᠭ᠎ᠠ ᠯᠢ ᠰᠢᠶᠠᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠷᠢᠭᠤᠴᠠᠯᠭᠠᠲᠠᠨ ᠪᠠᠷ᠎ᠠ ᠪᠤᠯᠵᠤ ᠱᠠᠯᠠᠪᠳᠠᠭᠤᠯᠤᠨ ᠪᠠᠶᠢᠴᠠᠭᠠᠪᠠ᠃
        ᠯᠢ ᠰᠢᠨ ᠴᠦᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠠᠭᠤᠷ ᠠᠮᠢᠰᠬᠤᠯ ᠳᠤᠯᠠᠭᠠᠷᠠᠵᠤ᠂ ᠮᠦᠨ ᠴᠦ ᠬᠠᠩᠰᠢ ᠶᠢᠨ ᠡᠳᠦᠷ ᠤᠨ ᠲᠠᠬᠢᠯᠭ᠎ᠠ ᠶᠢᠨ ᠣᠷᠭᠢᠯ ᠤᠨ ᠬᠤᠭᠤᠴᠠᠭ᠎ᠠ ᠪᠣᠯᠵᠣ᠂ ᠭᠠᠯ ᠰᠡᠷᠭᠡᠶᠢᠯᠡᠬᠦ ᠪᠠᠶᠢᠳᠠᠯ ᠨᠠᠩ ᠬᠦᠨᠳᠦ ᠨᠣᠴᠢᠲᠠᠶ ᠪᠣᠯᠵᠣ ᠪᠠᠶᠢᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠶᠢᠪᠣᠰᠢᠷᠠᠬᠤ ᠦᠵᠡᠯ ᠰᠠᠨᠠᠭ᠎ᠠ ᠪᠠ ᠬᠦᠴᠢᠷ ᠠᠴᠠ ᠵᠢᠷᠦᠬᠡᠰᠢᠶᠡᠬᠦ ᠰᠡᠳᠬᠢᠯᠭᠡ ᠶᠢ ᠡᠷᠡᠰ ᠲᠡᠪᠴᠢᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠳᠠᠬᠢᠨ ᠳᠡᠭᠡᠭᠰᠢᠯᠡᠭᠦᠯᠬᠦ᠂ ᠠᠵᠢᠯ ᠤᠨ ᠡᠷᠴᠢᠮ ᠢᠶᠠᠨ ᠳᠠᠬᠢᠨ ᠴᠢᠩᠭᠠᠷᠠᠭᠤᠯᠬᠤ᠂ ᠰᠡᠷᠡᠮᠵᠢᠯᠡᠬᠦ ᠠᠷᠭ᠎ᠠ ᠬᠡᠮᠵᠢᠶ᠎ᠡ ᠪᠠᠨ ᠳᠠᠬᠢᠨ ᠴᠢᠩᠭ᠎ᠠ ᠪᠠᠶᠢᠯᠭᠠᠬᠤ ᠶᠢ ᠪᠡᠶᠡᠯᠡᠭᠦᠯᠵᠦ᠂ ︽ᠰᠡᠷᠭᠡᠶᠢᠯᠡᠬᠦ︾ ᠳᠡᠭᠡᠷ᠎ᠡ ᠬᠦᠴᠦ ᠣᠷᠣᠭᠤᠯᠵᠤ᠂ ︽ᠪᠣᠳᠠᠲᠠᠶᠢᠵᠢᠭᠤᠯᠬᠤ︾ ᠳᠡᠭᠡᠷ᠎ᠡ ᠰᠢᠪᠲᠤᠯᠤᠯᠲᠠ ᠭᠠᠷᠭᠠᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠳᠣᠪᠤᠶᠢᠯᠭᠠᠨ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠣᠢ ᠰᠢᠭᠤᠶ ᠶᠢᠨ ᠭᠠᠯ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠲᠡᠷᠡ ᠶᠣᠰᠣᠭᠠᠷ ᠨᠢ ᠰᠠᠶᠢᠲᠤᠷ ᠬᠢᠵᠦ᠂ ᠪᠦᠬᠦ ᠲᠣᠭᠤᠷᠢᠭ ᠤᠨ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
        ᠯᠢ ᠰᠢᠨ ᠴᠦᠨ ᠱᠠᠭᠠᠷᠳᠠᠭᠰᠠᠨ ᠨᠢ᠂ ᠨᠢᠭᠡ ᠳᠤ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠰᠡᠷᠭᠡᠶᠢᠯᠡᠬᠦ ᠪᠠᠷ ᠭᠤᠤᠯ ᠪᠣᠯᠭᠠᠵᠤ᠂ ᠲᠣᠰᠬᠤᠨ ᠤ ᠠᠮᠠ᠂ ᠠᠭᠤᠯᠠᠨ ᠠᠮᠠ᠂ ᠵᠠᠮ ᠤᠨ ᠠᠭᠤᠯᠵᠠᠷ ᠤᠨ ᠪᠠᠶᠢᠴᠠᠭᠠᠯᠲᠠ ᠶᠢᠨ ᠥᠷᠲᠡᠭᠡ ᠶᠢᠨ ᠬᠠᠮᠢᠶᠠᠷᠤᠨ ᠡᠵᠡᠮᠳᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠭᠡᠳᠦᠭᠡᠷ ᠹᠷᠣᠨᠲ ᠲᠤ ᠲᠣᠭᠤᠷᠢᠨ ᠪᠠᠶᠢᠴᠠᠭᠠᠵᠤ᠂ ᠨᠢᠭᠡᠳᠦᠭᠡᠷ ᠹᠷᠣᠨᠲ ᠲᠤ ᠵᠢᠵᠢᠭᠦᠷᠯᠡᠨ ᠰᠠᠬᠢᠵᠤ᠂ ᠨᠢᠭᠡᠳᠦᠭᠡᠷ ᠹᠷᠣᠨᠲ ᠲᠤ ᠪᠠᠶᠢᠯᠳᠣᠵᠣ᠂ ᠪᠤᠯᠠᠰᠢ ᠶᠢᠨ ᠦᠵᠦᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠶ ᠰᠢᠭᠤᠶ ᠶᠢᠨ ᠭᠠᠯ ᠰᠡᠷᠭᠡᠶᠢᠯᠡᠬᠦ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ᠬᠤᠶᠠᠷ ᠲᠤ ᠤᠳᠤᠷᠢᠳᠤᠯᠭ᠎ᠠ ᠡᠭᠡᠯᠵᠢ ᠳᠠᠭᠠᠭᠤᠯᠬᠤ ᠳᠦᠷᠢᠮ ᠪᠣᠯᠤᠨ 24 ᠴᠠᠭ ᠤᠨ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠲᠠᠪᠣᠷᠢᠵᠢᠭᠤᠯᠬᠤ᠂ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠭᠠᠯ ᠲᠦᠢᠮᠡᠷ ᠤᠨ ᠪᠠᠶᠢᠳᠠᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠡᠷᠡ ᠳᠠᠷᠤᠶ ᠳᠤᠨᠢ ᠳᠡᠭᠡᠭᠰᠢ ᠮᠡᠳᠡᠭᠦᠯᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ︽ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ᠂ ᠡᠷᠲᠡ ᠤᠨᠲᠠᠷᠠᠭᠠᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠭᠤᠷᠪᠠ ᠳᠤ ᠥᠷᠲᠡᠭᠡ ᠴᠡᠭ ᠤᠨ ᠪᠠᠶᠢᠴᠠᠭᠠᠯᠲᠠ ᠪᠣᠯᠤᠨ ᠨᠡᠭᠦᠳᠡᠯ ᠲᠣᠭᠤᠷᠢᠨ ᠪᠠᠶᠢᠴᠠᠭᠠᠯᠲᠠ ᠶᠢ ᠬᠠᠷᠢᠯᠴᠠᠨ ᠣᠶᠠᠯᠳᠣᠭᠤᠯᠵᠣ᠂ ᠭᠠᠯ ᠤᠨ ᠠᠶᠤᠯ ᠤᠨ ᠳᠠᠯᠳᠠ ᠭᠡᠮ ᠢ ᠪᠦᠬᠦ ᠲᠠᠯ᠎ᠠ ᠪᠠᠷ ᠲᠠᠰᠤᠷᠠᠯᠲᠠ ᠤᠢᠭᠡᠢ ᠵᠢᠭᠰᠠᠭᠠᠨ ᠪᠠᠶᠢᠴᠠᠭᠠᠵᠣ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠴᠡᠭᠴᠡᠯᠡᠨ ᠵᠠᠰᠠᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠰᠢᠯᠤᠭᠤᠳᠬᠠᠵᠤ᠂ ᠨᠢᠭᠡ ᠲᠡᠷᠭᠡ ᠶᠢ ᠴᠦ ᠪᠠᠶᠢᠴᠠᠭᠠᠭᠰᠠᠨ ᠦᠭᠡᠶ ᠪᠠᠷ ᠦᠩᠭᠡᠷᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠤᠭᠰᠠᠨ ᠦᠭᠡᠶ᠂ ᠨᠢᠭᠡ ᠭᠠᠯ ᠢ ᠴᠤ ᠠᠭᠤᠯᠠᠨ ᠳᠤ ᠭᠠᠷᠭᠠᠵᠤ ᠪᠤᠯᠠᠰᠢᠨ ᠳᠤ ᠭᠠᠷᠭᠠᠬᠤ ᠦᠭᠡᠶ ᠪᠠᠶᠢᠬᠤ ᠬᠡᠷᠡᠭᠲᠡᠶ᠃ ᠳᠥᠷᠪᠡ ᠳᠤ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠵᠤ᠂ ᠪᠦᠷᠢᠶ᠎ᠡ᠂ ᠸᠢᠴᠠᠲ ᠤᠨ ᠲᠠᠪᠴᠠᠩ ᠵᠡᠷᠭᠡ ᠶᠢ ᠭᠦᠢᠴᠡᠳ ᠠᠰᠢᠭᠯᠠ ᠣᠯᠠᠨ ᠶᠠᠩᠵᠤ ᠶᠢᠨ ᠣᠢ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠰᠣᠷᠭᠤᠭ ᠴᠡᠴᠡᠭ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠪᠣᠯᠪᠠᠰᠤᠨ ᠦᠢᠯᠡ ᠠᠵᠢᠯᠯᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠣ ᠪᠠᠶᠢᠭᠠᠳ ᠠᠮᠤᠷ ᠲᠦᠪᠰᠢᠨ ᠲᠠᠬᠢᠯᠭ᠎ᠠ᠂ ᠪᠣᠯᠪᠠᠰᠤᠨ ᠲᠠᠬᠢᠯᠭ᠎ᠠ᠂ ᠪᠣᠬᠢᠷᠲᠤᠯ ᠦᠭᠡᠢ ᠲᠠᠬᠢᠯᠭ᠎ᠠ ᠲᠠᠬᠢᠵᠣ᠂ ᠲᠠᠬᠢᠯᠭ᠎ᠠ ᠶᠢᠨ ᠬᠤᠭᠤᠴᠠᠭᠠᠨ ᠳᠠᠬᠢ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠪᠣᠯᠬᠢ ᠪᠦᠳᠦᠭᠦᠯᠢᠭ ᠵᠠᠩ ᠳᠠᠳᠬᠠᠯ ᠢ ᠲᠠᠶᠠᠭᠳᠠᠬᠤ᠂ ᠪᠣᠯᠪᠠᠰᠤᠨ ᠲᠠᠬᠢᠯᠭ᠎ᠠ ᠲᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨᠬᠦ ᠪᠤᠢ ᠪᠣᠯᠭᠠᠬᠤ ᠬᠡᠷᠡᠭᠲᠡᠶ᠃
        ᠯᠢ ᠰᠢᠨ ᠴᠦᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠳᠡᠭᠡᠳᠦ ᠬᠡᠮᠵᠢᠶᠠᠨ ᠤ ᠰᠣᠨᠣᠷ ᠰᠡᠷᠡᠮᠵᠢ ᠪᠠᠨ ᠪᠠᠲᠤᠯᠠᠵᠤ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠣ᠂ ᠤᠳᠤᠷᠢᠳᠬᠤ ᠺᠠᠳ᠋ᠷ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠪᠣᠯᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠬᠠᠮᠢᠶᠠᠷᠬᠤ ᠬᠡᠷᠡᠭᠲᠡᠶ᠃ ᠠᠵᠢᠯ ᠤᠨ ᠪᠠᠶᠢᠷᠢ ᠪᠠ ᠪᠠᠶᠢᠷᠢ ᠳᠠᠭᠠᠨ ᠪᠠᠶᠢᠬᠤ ᠪᠠᠶᠢᠳᠠᠯ ᠲᠦᠯᠦᠪ ᠢ ᠢᠮᠠᠭᠲᠠ ᠪᠠᠲᠤᠯᠠᠵᠤ᠂ ᠠᠵᠢᠯ ᠤᠨ ᠪᠠᠶᠢᠷᠢ ᠪᠠᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠬᠤ᠂ ᠠᠵᠢᠯ ᠤᠨ ᠪᠠᠶᠢᠷᠢ ᠪᠠᠨ ᠰᠠᠬᠢᠬᠤ ᠪᠠ ᠠᠵᠢᠯ ᠤᠨ ᠪᠠᠶᠢᠷᠢ ᠳᠠᠭᠠᠨ ᠪᠠᠶᠢᠬᠤ ᠪᠠ ᠠᠵᠢᠯ ᠤᠨ ᠪᠠᠶᠢᠷᠢ ᠳᠠᠭᠠᠨ ᠪᠠᠶᠢᠬᠤ ᠪᠠᠶᠢᠳᠠᠯ ᠲᠦᠯᠦᠪ ᠢ ᠦᠨᠡᠨ ᠬᠦ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠳᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠰᠢᠭᠤᠶᠢᠲᠣ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号