ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠰᠦᠯᠵᠢᠶᠡᠨ ᠳᠡᠭᠡᠷ᠎ᠡ ᠠᠮᠢᠳᠤᠷᠠᠯ ᠤᠨ ᠰᠤᠷᠭᠠᠨ ᠬᠦᠮᠣᠵᠢᠯ ᠤᠨ ᠨᠢᠭᠡᠳᠦᠭᠡᠷ ᠬᠢᠴᠢᠶᠡᠯ ᠢ ᠰᠤᠨᠤᠰᠪᠠ
ᠨᠡᠶᠢᠲᠡᠯᠡᠭᠰᠡᠨ ᠴᠠᠭ᠄
2020-04-09
        ᠦᠪᠣᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᡁᠢ ᠰᠢᠶᠠᠨ︶ᠤᠢᠢᠷ᠎ᠠ  ᠶᠢᠨ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠠᠮᠢᠳᠣᠷᠠᠯ ᠤᠨ ᠰᠤᠷᠭᠠᠨ ᠬᠥᠮᠦᠵᠢᠯ ᠤᠨ ᠨᠢᠭᠡᠳᠦᠭᠡᠷ ᠬᠢᠴᠢᠶᠡᠯ︾ ᠤᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠢᠴᠢᠶᠡᠯ ᠡᠬᠢᠯᠡᠵᠦ᠂ ᠪᠦᠬᠦ ᠣᠷᠣᠨ ᠤ 15 ᠲᠦᠮᠡᠨ ᠤᠶᠤᠲᠠᠳ ᠰᠦᠯᠵᠢᠶᠡᠨ ᠳᠡᠭᠡᠷ᠎ᠡ ᠸᠢᠳᠢᠣ᠋ ᠪᠠᠷ ᠰᠢᠭᠤᠳ ᠨᠡᠪᠳᠡᠷᠡᠬᠦᠯᠭᠡ ᠶᠢ ᠦᠵᠡᠪᠡ᠃         ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠬᠢᠴᠢᠶᠡᠯ ᠨᠢ ︽ᠥᠨᠥᠳᠦᠷ ᠴᠢ ᠪᠡᠶ᠎ᠡ ᠪᠠᠨ ᠴᠦᠯᠡᠨ ᠬᠢᠵᠢᠭ ᠢ ᠡᠰᠡᠷᠭᠦᠴᠡᠬᠦ ᠳᠤ᠂ ᠮᠠᠷᠭᠠᠰᠢ ᠪᠢ ᠡᠬᠡ ᠤᠯᠤᠰ ᠲᠠᠭᠠᠨ ᠬᠦᠴᠦᠨ ᠴᠢᠳᠠᠯ ᠢᠶᠠᠨ ᠡᠷᠭᠦᠨ᠎ᠡ︾ ᠪᠠᠷ ᠭᠤᠤᠯ ᠰᠡᠳᠦᠪ ᠪᠣᠯᠭᠠᠵᠤ᠂ ᠦᠪᠡᠷᠳᠡᠭᠡᠨ ᠵᠠᠰᠠᠬᠤ ᠣᠷᠣᠨ ᠤ ᠦᠬᠠᠨ ᠢ ᠲᠤᠰᠠᠯᠠᠬᠤ ᠲᠦᠷᠦᠭᠦᠦ ᠪᠦᠯᠦᠭ ᠤᠨ ᠡᠮᠴᠢᠯᠡᠭᠡᠨ ᠤ ᠠᠩᠭᠢ ᠶᠢᠨ  ᠭᠡᠰᠢᠭᠦᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠰᠡᠷᠭᠡᠶᠢᠯᠡᠯᠲᠡ ᠡᠷᠡᠭᠦᠯᠵᠢᠯ ᠤᠨ ᠬᠡᠯᠲᠡᠰ ᠤᠨ ᠬᠠᠯᠳᠠᠪᠤᠷᠢᠯᠠᠯ ᠢ ᠬᠤᠷᠢᠭᠯᠠᠬᠤ ᠲᠤᠰᠬᠠᠶ ᠮᠡᠷᠭᠡᠵᠢᠯ ᠤᠨ ᠡᠮᠴᠢ ᠯᠢ ᠯᠢ᠂ ᠥᠪᠡᠷᠲᠡᠭᠡᠨ ᠵᠠᠰᠠᠬᠤ ᠣᠷᠣᠨ ᠤ ᠦᠬᠠᠨ ᠢ ᠲᠤᠰᠠᠯᠠᠬᠤ ᠨᠠᠶᠮᠠᠳᠤᠭᠠᠷ ᠪᠦᠯᠦᠭ ᠡᠮᠴᠢᠯᠡᠭᠡᠨ ᠤ ᠠᠩᠭᠢ ᠶᠢᠨ ᠭᠡᠰᠢᠭᠦᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠠᠮᠢᠰᠬᠤᠯ ᠪᠠ ᠬᠦᠨᠳᠦ ᠲᠦᠭᠰᠢᠭᠦᠷᠢᠲᠡᠶ ᠡᠪᠡᠳᠴᠢᠨ ᠤ ᠰᠠᠯᠠᠭᠠᠨ ᠤ ᠳᠡᠳ᠋ ᠡᠷᠬᠢᠯᠡᠭᠴᠢ ᠡᠮᠴᠢ ᠶᠠᠨ ᠯᠢ ᠶᠢ ᠣᠨᠴᠠᠭᠠᠶᠢᠯᠠᠨ ᠤᠷᠢᠵᠤ᠂ ᠰᠤᠷᠭᠠᠨ ᠬᠥᠮᠦᠵᠢᠯ ᠤᠨ ᠶᠠᠮᠤᠨ ᠤ ᠠᠵᠢᠯ ᠣᠯᠭᠤᠯᠲᠠ ᠶᠢ ᠵᠢᠯᠣᠭᠤᠳᠬᠤ ᠲᠤᠰᠬᠠᠶ ᠣᠷᠢᠭᠰᠠᠨ ᠮᠡᠷᠭᠡᠵᠢᠯᠲᠡᠨ᠂ ᠤᠯᠤᠰ ᠤᠨ ᠳᠣᠲᠣᠭᠠᠳᠤ ᠶᠢᠨ ᠠᠵᠢᠯ ᠮᠡᠷᠭᠡᠵᠢᠯ ᠤᠨ ᠬᠥᠭᠵᠢᠯᠲᠡ ᠶᠢᠨ ᠨᠡᠷᠡᠳᠣ ᠲᠤᠰᠬᠠᠶ ᠮᠡᠷᠭᠡᠵᠢᠯᠲᠡᠨ ᠯᠢ ᠴᠦᠨ ᠢᠤᠢ ᠲᠠᠢ ᠬᠠᠮᠲᠤ ᠪᠠᠷ ᠰᠦᠯᠵᠢᠶᠡᠨ ᠳᠡᠭᠡᠷ᠎ᠡ  ᠬᠢᠴᠢᠶᠡᠯ ᠣᠷᠣᠪᠠ᠃ ᠰᠢᠭᠤᠳ ᠨᠡᠪᠲᠡᠷᠡᠭᠦᠯᠭᠡ ᠶᠢᠨ ᠬᠢᠴᠢᠶᠡᠯ ᠳᠡᠭᠡᠷ᠎ᠡ᠂ ᠦᠬᠠᠨ ᠢ ᠲᠤᠰᠠᠯᠠᠬᠤ ᠪᠠᠷ ᠣᠴᠢᠭᠰᠠᠨ ᠬᠤᠶᠠᠷ ᠡᠮᠴᠢ ᠰᠤᠪᠢᠯᠠᠭᠴᠢ ᠠᠴᠠ ᠦᠬᠠᠨ ᠢ ᠲᠤᠰᠠᠯᠠᠬᠤ ᠨᠢᠭᠡᠳᠦᠭᠡᠷ ᠹᠷᠣᠨᠲ ᠤᠨ ᠠᠵᠢᠯ ᠠᠮᠢᠳᠤᠷᠠᠯ ᠤᠨ ᠬᠡᠰᠡᠭ ᠪᠣᠰᠠᠭ ᠪᠠᠶᠢᠳᠠᠯ ᠢᠶᠠᠨ ᠤᠶᠤᠲᠠᠳ ᠲᠠᠢ ᠬᠤᠪᠢᠶᠠᠯᠴᠠᠪᠠ᠃         ᠯᠢ ᠴᠦᠨ ᠢᠦ᠋ᠶ ᠤᠶᠤᠲᠠᠳ ᠤᠨ ᠣᠨᠴᠠᠯᠢᠭ ᠲᠠᠢ ᠤᠶᠠᠯᠳᠤᠭᠤᠯᠤᠨ᠂ ᠶᠡᠭᠡ ᠰᠤᠷᠭᠠᠭᠤᠯᠢ ᠳᠤ ᠢᠷᠡᠭᠡᠳᠦᠶ ᠶᠢᠨ ᠴᠢᠭᠯᠡᠯ ᠢᠶᠠᠨ ᠬᠡᠷᠬᠢᠨ ᠬᠠᠶᠢᠬᠤ᠂ ᠢᠷᠡᠭᠡᠳᠦᠶ ᠶᠢᠨ ᠰᠤᠷᠤᠯᠭ᠎ᠠ ᠪᠠ ᠠᠵᠢᠯ ᠮᠡᠷᠭᠡᠵᠢᠯ ᠤᠨ ᠠᠮᠢᠳᠤᠷᠠᠯ  ᠢᠶᠠᠨ ᠬᠡᠷᠬᠢᠨ ᠨᠠᠩ ᠰᠠᠶᠢᠲᠤᠷ ᠲᠥᠯᠥᠪᠵᠢᠭᠦᠯᠬᠦ ᠵᠡᠷᠭᠡ ᠲᠤᠰᠬᠠᠶ ᠰᠡᠳᠣᠪ ᠢᠶᠠᠷ ᠤᠶᠤᠲᠠᠳ ᠲᠠᠢ ᠰᠦᠯᠵᠢᠶᠡᠨ ᠳᠡᠭᠡᠷ᠎ᠡ ᠬᠠᠷᠢᠯᠴᠠᠨ ᠶᠠᠷᠢᠯᠴᠠᠵᠦ᠂ ᠡᠮᠴᠢ ᠰᠣᠪᠢᠯᠠᠭᠴᠢᠳ ᠢᠶᠠᠷ ᠳᠠᠭᠤᠷᠢᠶᠠᠯ ᠪᠣᠯᠭᠠᠵᠤ᠂ ᠠᠯᠤᠰ ᠬᠡᠲᠦ ᠶᠢᠨ ᠵᠣᠷᠢᠯᠲᠠ  ᠲᠠᠢ ᠪᠠᠶᠢᠵᠤ᠂ ᠬᠤᠪᠢ ᠬᠥᠮᠦᠨ ᠤ ᠲᠡᠮᠡᠴᠡᠯ ᠢᠶᠠᠨ ᠴᠠᠭ ᠦᠶ᠎ᠡ ᠶᠢᠨ ᠬᠡᠷᠡᠭᠴᠡᠭᠡ᠂ ᠤᠯᠤᠰ ᠣᠷᠣᠨ ᠤ ᠳᠠᠪᠰᠢᠯᠲᠠ᠂ ᠨᠡᠶᠢᠭᠡᠮ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠳᠤᠮᠳᠠᠳᠤ ᠶᠢᠨ ᠬᠦᠰᠡᠯ ᠢ ᠲᠡᠷᠭᠡᠯᠰᠢᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠠᠯᠠᠭᠤ ᠰᠤᠷᠤᠭᠴᠢᠳ ᠢ ᠵᠤᠷᠢᠭᠵᠠᠭᠤᠯᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号