ᠵᠢᠶᠠᠩᠰᠤ᠂ ᠥᠪᠥᠷ ᠮᠣᠩᠭᠤᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠪᠠ ᠱᠠᠨᠰᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠬᠢᠨ ᠬᠢᠴᠢᠶᠡᠯ ᠢᠶᠠᠨ ᠰᠡᠷᠭᠦᠭᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2020-04-09
        ᠵᠢᠶᠠᠩᠰᠤ᠂ ᠥᠪᠥᠷ ᠮᠣᠩᠭᠤᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ  ᠭᠤᠷᠪᠠᠳᠤᠭᠠᠷ ᠣᠨ ᠪᠠ ᠱᠠᠨᠰᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠬᠢᠨ 30 ᠤ ᠡᠳᠦᠷ ᠬᠢᠴᠢᠶᠡᠯ ᠢᠶᠠᠨ ᠰᠡᠷᠭᠦᠭᠡᠭᠰᠡᠨ ᠪᠠᠶᠢᠨ᠎ᠠ᠂ ᠲᠤᠬᠠᠢ ᠶᠢᠨ ᠣᠷᠣᠨ ᠤ ᠬᠢᠨ ᠠᠷᠭ᠎ᠠ ᠬᠡᠮᠵᠢᠶ᠎ᠡ ᠠᠪᠴᠤ ᠰᠤᠷᠭᠠᠭᠤᠯᠢ ᠶᠢᠨ ᠬᠦᠷᠢᠶᠡᠨ ᠳᠤ ᠬᠢᠵᠢᠭ ᠢ ᠰᠡᠷᠭᠡᠶᠢᠯᠡᠬᠦ ᠠᠵᠢᠯ ᠢ ᠪᠠᠲᠤᠲᠠᠢ ᠰᠠᠶᠢᠨ ᠬᠢᠵᠦ ᠪᠠᠶᠢᠨ᠎ᠠ᠃         30 ᠤ ᠡᠳᠦᠷ ᠱᠠᠨᠰᠢ ᠮᠤᠵᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ 24 ᠲᠦᠮᠡ ᠭᠠᠷᠤᠢ ᠰᠤᠷᠤᠭᠴᠢ ᠬᠢᠴᠢᠶᠡᠯ ᠢᠶᠠᠨ ᠰᠡᠷᠭᠦᠭᠡᠭᠰᠡᠨ ᠪᠠᠶᠢᠨ᠎ᠠ᠃ ᠡᠯ᠎ᠡ ᠭᠠᠵᠠᠷ ᠤᠨ ᠰᠤᠷᠭᠠᠭᠤᠯᠢ ᠶᠢᠨ ᠬᠢᠨ ᠠᠮᠠᠪᠴᠢ᠂ ᠠᠷᠢᠭᠤᠳᠬᠠᠬᠤ ᠰᠢᠩᠭᠡᠨ᠂ ᠬᠠᠯᠠᠭᠤᠨ ᠤ ᠬᠡᠮᠵᠢᠭᠦᠷ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠢ  ᠨᠥᠭᠡᠴᠡᠯᠡᠨ ᠪᠡᠯᠡᠳᠬᠡᠵᠦ᠂ ᠰᠤᠷᠭᠠᠭᠤᠯᠢ ᠶᠢᠨ ᠠᠰᠠᠷ ᠪᠠᠷᠢᠯᠭ᠎ᠠ ᠳᠠᠭᠠᠨ ᠡᠳᠦᠷ ᠪᠦᠷᠢ ᠳᠥᠷᠪᠡ ᠤᠳᠠᠭ᠎ᠠ ᠰᠠᠯᠬᠢ ᠨᠡᠪᠲᠡᠷᠡᠭᠦᠯᠵᠦ᠂ ᠬᠤᠶᠠᠷ ᠤᠳᠠᠭ᠎ᠠ ᠠᠷᠢᠭᠤᠳᠬᠠᠬᠤ ᠶᠢᠨ ᠬᠠᠮᠲᠤ ᠰᠤᠷᠭᠠᠭᠤᠯᠢ ᠡᠬᠢᠯᠡᠬᠦ ᠪᠠ ᠬᠢᠵᠢᠭ ᠢ ᠰᠡᠷᠭᠡᠶᠢᠯᠡᠨ ᠳᠠᠷᠤᠬᠤ ᠰᠣᠷᠢᠯᠲᠠ ᠪᠣᠯᠪᠠᠰᠤᠷᠠᠯ ᠬᠢᠭᠰᠡᠨ ᠪᠠᠶᠢᠨ᠎ᠠ᠃ ᠨᠥᠬᠦᠴᠡᠯ ᠪᠣᠯᠣᠮᠵᠢ ᠪᠦᠷᠢᠳᠦᠭᠰᠡᠨ ᠰᠤᠷᠭᠠᠭᠤᠯᠢ ᠶᠢᠨ ᠬᠢᠨ ᠰᠤᠷᠤᠭᠴᠢᠳ ᠢᠶᠠᠨ ᠬᠤᠪᠢᠶᠠᠷᠢᠯᠠᠨ ᠬᠢᠴᠢᠶᠡᠯᠯᠡᠬᠦ᠂ ᠴᠠᠭ ᠵᠥᠷᠢᠭᠦᠯᠵᠦ ᠬᠤᠭᠤᠯᠠᠯᠠᠬᠤ ᠵᠡᠷᠭᠡ ᠶᠢ ᠵᠣᠬᠢᠶᠠᠨ ᠪᠠᠶᠢᠭᠤᠯᠵᠤ᠂ ᠠᠩᠭᠢ ᠪᠣᠯᠭᠠᠨ ᠬᠢᠴᠢᠶᠡᠯᠯᠡᠵᠦ᠂ ᠬᠤᠭᠤᠯᠠᠯᠠᠬᠤ᠂ ᠤᠰᠤ ᠤᠮᠳᠠᠭ᠎ᠠ ᠤᠤᠭᠤᠬᠤ᠂ ᠵᠣᠷᠯᠣᠩ ᠳᠤ ᠣᠷᠣᠬᠤ ᠵᠡᠷᠭᠡ ᠶᠢ ᠲᠤᠰᠠᠭᠠᠷ ᠣᠷᠣᠨ ᠳᠤ ᠲᠤᠰ ᠲᠠᠭᠠᠨ ᠪᠡᠶᠡᠯᠡᠭᠦᠯᠬᠦ ᠪᠣᠯᠭᠠᠵᠠᠢ᠃         30 ᠤ ᠡᠳᠦᠷ ᠵᠢᠶᠠᠩᠰᠤ ᠮᠤᠵᠢ ᠶᠢᠨ ᠡᠯ᠎ᠡ ᠭᠠᠵᠠᠷ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ᠂ ᠠᠩᠬ᠎ᠠ ᠵᠡᠷᠭᠡ ᠶᠢᠨ ᠳᠤᠮᠳᠠᠳᠤ  ᠰᠤᠷᠭᠠᠭᠤᠯᠢ ᠶᠢᠨ ᠭᠤᠷᠪᠠᠳᠤᠭᠠᠷ ᠣᠨ ᠤ  ᠬᠢᠨ ᠠᠯᠪᠠᠨ ᠶᠣᠰᠣᠭᠠᠷ ᠬᠢᠴᠢᠶᠡᠯᠯᠡᠵᠦ ᠡᠬᠢᠯᠡᠭᠰᠡᠨ  ᠪᠠᠶᠢᠨ᠎ᠠ᠃ ᠨᠠᠨᠵᠢᠩ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠬᠢᠨ  ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ  600 ᠭᠠᠷᠤᠢ ᠰᠤᠷᠤᠭᠴᠢ ᠪᠠᠨ ᠰᠡᠷᠡᠯ ᠮᠡᠳᠡᠷᠡᠮᠵᠢ ᠶᠢᠨ ᠰᠢᠰᠲ᠋ᠧᠮ ᠲᠣᠬᠢᠷᠠᠭᠤᠯᠤᠭᠰᠠᠨ ᠲᠤᠰᠬᠠᠢ ᠬᠠᠭᠠᠯᠭ᠎ᠠ ᠪᠠᠷ ᠣᠷᠣᠭᠤᠯᠵᠤ᠂ ᠪᠠᠰᠠ ᠠᠷᠢᠭᠤᠳᠬᠠᠬᠤ ᠰᠦᠷᠴᠢᠭᠦᠷ ᠪᠠ ᠬᠡᠷᠡᠭᠯᠡᠬᠦ ᠦᠭᠡᠢ ᠠᠮᠠᠪᠴᠢ ᠶᠢ ᠬᠠᠶᠠᠬᠤ ᠲᠤᠰᠬᠠᠢ ᠠᠷᠢᠭᠤᠳᠬᠠᠬᠤ ᠬᠠᠶᠢᠷᠴᠠᠭ ᠵᠡᠷᠭᠡ ᠶᠢ ᠲᠠᠭᠠᠷᠠᠭᠤᠯᠤᠭᠰᠠᠨ ᠪᠠᠶᠢᠨ᠎ᠠ᠃         ᠮᠥᠨ 30 ᠤ ᠡᠳᠦᠷ ᠥᠪᠥᠷ ᠮᠣᠩᠭᠤᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠬᠢᠴᠢᠶᠡᠯ ᠢᠶᠠᠨ ᠰᠡᠷᠭᠦᠭᠡᠯ᠎ᠡ᠃ ᠬᠥᠯᠥᠨ ᠪᠣᠶᠢᠷ ᠬᠤᠲᠠ ᠶᠢᠨ ᠬᠠᠶᠢᠯᠠᠷ ᠲᠣᠭᠤᠷᠢᠭ ᠤᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ  ᠬᠢᠨ  ᠬᠢᠵᠢᠭ ᠢ ᠰᠡᠷᠭᠡᠶᠢᠯᠡᠬᠦ ᠦᠯᠡᠮᠵᠢ ᠬᠡᠮᠵᠢᠶᠡᠨ ᠤ ᠡᠳ᠋ ᠪᠣᠳᠠᠰ ᠳᠠᠷᠤᠢ 300 ᠺᠢᠯᠣᠭ᠍ᠷᠠᠮ ᠠᠷᠢᠭᠤᠳᠬᠠᠬᠤ ᠰᠢᠩᠭᠡᠨ᠂ 3000 ᠭᠠᠷᠤᠢ ᠠᠮᠠᠪᠴᠢ ᠪᠡᠯᠡᠳᠬᠡᠭᠰᠡᠨ ᠪᠠᠶᠢᠨ᠎ᠠ᠃ ᠵᠢᠭᠠᠨ  ᠰᠤᠷᠭᠠᠯᠲᠠ ᠶᠢᠨ ᠠᠰᠠᠷ ᠤᠨ ᠲᠢᠩᠬᠢᠮ ᠪᠣᠯᠭᠠᠨ ᠳᠤ ᠬᠠᠯᠠᠭᠤᠨ ᠤ ᠬᠡᠮᠵᠢᠭᠦᠷ ᠲᠠᠭᠠᠷᠠᠭᠤᠯᠵᠤ ᠪᠠᠭᠰᠢ ᠰᠤᠷᠤᠭᠴᠢᠳ ᠤᠨ ᠬᠠᠯᠠᠭᠤᠨ ᠢ ᠬᠡᠮᠵᠢᠭᠰᠡᠨ ᠪᠠᠶᠢᠨ᠎ᠠ᠃ ᠠᠩᠭᠢ ᠪᠣᠯᠭᠠᠨ ᠳᠤ ᠬᠠᠯᠠᠭᠤᠨ ᠤ ᠬᠡᠮᠵᠢᠭᠦᠷ ᠲᠠᠯᠪᠢᠭᠰᠠᠨ ᠪᠠᠶᠢᠨ᠎ᠠ᠃ ᠥᠪᠥᠷ ᠮᠣᠩᠭᠤᠯ ᠤᠨ ᠥᠨᠳᠥᠷ ᠵᠡᠷᠭᠡ ᠶᠢᠨ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠤᠰᠤᠳ ᠣᠨ ᠤ ᠰᠤᠷᠤᠭᠴᠢᠳ᠂ ᠳᠤᠮᠳᠠ ᠵᠡᠷᠭᠡ ᠶᠢᠨ ᠲᠤᠬᠠᠶᠢᠯᠠᠭᠰᠠᠨ ᠠᠵᠢᠯ ᠮᠡᠷᠭᠡᠵᠢᠯ ᠤᠨ ᠰᠤᠷᠭᠠᠭᠤᠯᠢ᠂ ᠪᠠᠭ᠎ᠠ ᠰᠤᠷᠭᠠᠭᠤᠯᠢ᠂ᠴᠡᠴᠡᠷᠯᠢᠭ᠂ ᠣᠨᠴᠠᠭᠠᠢ ᠰᠤᠷᠭᠠᠨ ᠬᠥᠮᠥᠵᠢᠯ ᠤᠨ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠢ ᠶᠡᠷᠦᠩᠬᠡᠶᠢᠯᠡᠨ ᠦᠨᠡᠯᠡᠵᠦ ᠰᠤᠳᠤᠯᠵᠤ ᠪᠠᠶᠢᠭᠠᠳ ᠴᠠᠭ ᠵᠥᠷᠢᠭᠦᠯᠵᠦ ᠳᠡᠰ ᠳᠠᠷᠠᠭᠠᠯᠠᠯ ᠲᠠᠢ ᠪᠠᠷ ᠬᠢᠴᠢᠶᠡᠯ ᠢᠶᠠᠨ ᠰᠡᠷᠭᠦᠭᠡᠬᠦ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号