﹇ᠲᠦᠷᠦ ᠶᠢᠨ ᠪᠤᠳᠤᠯᠭ᠎ᠠ ᠶᠢᠨ ᠲᠠᠶᠢᠯᠤᠮᠵᠢ﹈ ᠰᠢᠨ᠎ᠡ ᠴᠠᠭ ᠦᠶ᠎ᠡ ᠳᠤ ᠡᠷᠡᠯᠬᠡᠭᠯᠡᠨ ᠣᠷᠣᠭᠰᠢᠯᠠᠵᠣ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ ︵ᠲᠦᠷᠪᠡ︶
ᠨᠡᠶᠢᠲᠡᠯᠡᠭᠰᠡᠨ ᠴᠠᠭ᠄
2020/5/11
       ᠰᠢᠨ᠎ᠡ ᠴᠠᠭ ᠦᠶ᠎ᠡ ᠳᠤ ᠡᠷᠡᠯᠬᠡᠭᠯᠡᠨ ᠣᠷᠣᠭᠰᠢᠯᠠᠵᠣ᠂ ᠰᠢᠭᠤᠶᠢᠲᠤ ᠲᠣᠭᠤᠷᠢᠭ ᠬᠡᠷᠬᠢᠨ ᠬᠢᠬᠦ ᠪᠤᠢ︖        2020 ᠣᠨ ᠳᠤ ᠰᠢᠭᠤᠶᠢᠲᠣ ᠲᠣᠭᠤᠷᠢᠭ ᠤᠨ ︽ᠬᠤᠶᠠᠷ ᠬᠤᠷᠠᠯ︾ ᠳᠠᠭᠤᠰᠤᠭᠰᠠᠨ ᠤ ᠳᠠᠷᠠᠭ᠎ᠠ᠂ ᠰᠢᠭᠤᠶᠢᠲᠣ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ︽ᠬᠤᠶᠠᠷ ᠬᠤᠷᠠᠯ ᠨᠢᠭᠤᠷᠳᠠᠬᠤ︾ ᠰᠣᠨᠢᠨ ᠮᠡᠳᠡᠭᠡ ᠵᠣᠬᠢᠶᠠᠵᠤ ᠭᠠᠷᠭᠠᠪᠠ᠃        ᠳᠥᠷᠪᠡᠳᠦᠭᠡᠷ ᠬᠤᠭᠤᠴᠠᠭ᠎ᠠ᠄ ᠰᠢᠭᠤᠶᠢᠲᠤ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠮᠠ ᠪᠢᠨ        2020᠎ ᠤᠨ ᠪᠣᠯ ︽ᠠᠷᠪᠠᠨ ᠭᠤᠷᠪᠠᠳᠣᠭᠠᠷ ᠳᠠᠪᠣᠨ ᠵᠢᠯ︾᠎ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ᠃ ᠡᠨᠡ ᠵᠢᠯ ᠤᠨ ᠰᠢᠭᠤᠶᠢᠲᠤ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠳᠤ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄        ᠨᠢᠭᠡ ᠳᠤ᠂ ᠠᠵᠤ ᠠᠬᠤᠶ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠣᠯᠣᠰ ᠤᠨ ᠳᠣᠲᠣᠭᠠᠳᠤ ᠭᠠᠳᠠᠭᠠᠳᠤ ᠶᠢᠨ ᠪᠤᠳᠤᠯᠢᠶᠠᠨᠲᠠᠶ ᠪᠠᠶᠢᠳᠠᠯ ᠳᠤ ᠴᠢᠭᠯᠡᠭᠦᠯᠦᠨ᠂ ᠪᠢᠳᠡ ᠮᠠᠨ ᠤ ᠲᠣᠭᠤᠷᠢᠭ ᠎ ᠤᠨ ᠠᠵᠣ ᠠᠬᠤᠶ ᠶᠢᠨ ᠠᠵᠢᠯᠯᠠᠭᠠᠨ ᠤ ᠵᠠᠳᠠᠯᠤᠯᠲᠠ ᠪᠠ ᠲᠦᠭᠰᠢᠭᠦᠷᠢ ᠶᠢᠨ ᠵᠢᠱᠢᠯᠲᠡ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠶᠢᠨ ᠵᠥᠪᠯᠡᠭᠴᠢ ᠬᠠᠪᠰᠤᠷᠤᠭᠴᠢ ᠪᠣᠯᠬᠤ ᠬᠡᠷᠡᠭᠲᠡᠶ᠃        ᠬᠤᠶᠠᠷ ᠲᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠠᠯᠠ ᠣᠷᠣᠭᠤᠯᠤᠯᠲᠠ ᠶᠢ ᠠᠬᠢᠭᠤᠯᠬᠤ ᠶᠢ ᠢᠮᠠᠭᠲᠠ ᠮᠠᠨ ᠤ  ᠲᠣᠭᠤᠷᠢᠭ ᠤᠨ ᠴᠢᠨᠠᠷ ᠰᠠᠶᠢᠲᠠᠶ ᠬᠦᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ ᠪᠥᠬᠦ ᠲᠣᠭᠤᠷᠢᠭ ᠤᠨ ᠬᠤᠲᠠ ᠶᠢᠨ ᠲᠠᠰ ᠤᠨ 19 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ ᠴᠢᠷᠮᠠᠶᠢᠨ ᠪᠡᠶᠡᠯᠡᠭᠦᠯᠵᠦ᠂ ᠵᠢᠯ ᠎ ᠤᠨ ᠪᠠᠯᠠ ᠣᠷᠣᠭᠤᠯᠤᠯᠲᠠ ᠶᠢ 24 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃        ᠭᠤᠷᠪᠠ ᠳᠤ᠂ ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠰᠠᠭᠤᠷᠢ ᠲᠦᠬᠦᠭᠡᠷᠦᠮᠵᠢ ᠶᠢᠨ ᠣᠷᠣᠭᠤᠯᠤᠯᠲᠠ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠨᠢᠭᠲᠠ ᠠᠩᠬᠠᠷᠴᠣ᠂ ᠲᠥᠷᠥᠯ ᠵᠦᠢᠯ ᠢ ᠤᠬᠠᠭᠠᠯᠠᠨ ᠰᠡᠳᠦᠬᠦ ᠪᠠᠨ ᠴᠢᠩᠭᠠᠷᠠᠭᠤᠯᠵᠤ᠂ ᠮᠠᠨ ᠤ ᠲᠣᠭᠤᠷᠢᠭ ᠤᠨ ᠲᠥᠷᠥᠯ ᠵᠦᠢᠯ ᠪᠠ ᠪᠠᠯᠠ ᠮᠦᠩᠭᠦ ᠶᠢ ᠤᠯᠠᠮ ᠨᠢᠭᠡ ᠠᠯᠬᠤᠮ ᠴᠢᠷᠮᠠᠶᠢᠨ ᠣᠯᠵᠤ᠂ ᠵᠠᠯᠭᠠᠮᠵᠢ ᠠᠵᠤ ᠦᠢᠯᠡᠰ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠲᠣᠭᠤᠷᠢᠭ ᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠮ ᠳᠡᠭᠡᠷ᠎ᠡ ᠶᠠᠪᠤᠬᠤ ᠲᠤᠲᠤᠮ ᠰᠠᠶᠢᠨ ᠪᠣᠯᠭᠠᠨ᠎ᠠ᠃        ᠳᠥᠷᠪᠡ ᠳᠤ᠂ ︽ᠠᠷᠪᠠᠨ ᠭᠤᠷᠪᠠᠳᠣᠭᠠᠷ ᠳᠠᠪᠣᠨ ᠵᠢᠯ︾᠎ ᠤᠨ ᠲᠥᠯᠥᠪᠵᠢᠭᠦᠯᠭᠡ ᠶᠢᠨ ᠳ᠋ᠦᠩᠨᠡᠯᠲᠡ ᠶᠢᠨ ᠠᠵᠢᠯ ᠢ ᠰᠠᠶᠢᠲᠤᠷ ᠬᠢᠵᠦ᠂ ᠮᠠᠨ ᠤ ᠲᠣᠭᠤᠷᠢᠭ ᠤᠨ ᠲᠦᠷᠦᠭᠦᠤ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ᠂ ᠰᠠᠨᠠᠯ ᠬᠤᠷᠢᠶᠠᠵᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠦᠭᠰᠡᠨ ᠰᠠᠭᠤᠷᠢᠨ ᠳᠡᠭᠡᠷ᠎ᠡ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠦᠵᠡᠰᠭᠦᠯᠡᠩᠲᠦ ᠰᠠᠶᠢᠬᠠᠨ ᠰᠢᠭᠤᠶᠢᠲᠣ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号